ᠮᠠᠨᠳᠤᠬᠤᠪᠤᠯᠠᠭ ᠪᠠᠯᠭᠠᠰᠤ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/18
      ᠣᠶᠢᠷ᠎ᠠ ᠳᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠯᠢᠳᠡᠭ ᠴᠡᠷᠢᠭ ᠢ ᠬᠦᠷᠭᠡᠵᠦ᠂ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢᠨ ᠲᠥᠯᠥᠭᠡ᠂ ᠮᠠᠨᠳᠤᠬᠤᠪᠤᠯᠠᠭ ᠪᠠᠯᠭᠠᠰᠤ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ᠃ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠬᠠᠷᠢᠭᠤᠴᠠᠯᠭᠠᠲᠠᠳ ᠬᠤᠷᠠᠯ ᠳᠤ ᠣᠷᠤᠯᠴᠠᠪᠠ᠃      ᠬᠤᠷᠠᠯ ᠳᠤ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠠᠶᠢᠨᠭᠡᠷᠡᠯ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠴᠡᠷᠢᠭ ᠡᠯᠰᠡᠬᠦ ᠡᠲᠡᠭᠡᠳ᠂ ᠦᠨᠳᠦᠰᠦᠨ ᠨᠥᠬᠦᠴᠡᠯ᠂ ᠠᠰᠠᠷᠠᠨ ᠬᠠᠷᠠᠭᠠᠯᠵᠠᠬᠤ ᠲᠦᠷᠦ ᠶᠢᠨ ᠪᠣᠳᠣᠯᠭ᠎ᠠ ᠵᠢᠴᠢ ᠴᠡᠷᠢᠭ ᠲᠤ ᠣᠷᠣᠬᠤ ᠨᠡᠷ᠎ᠡ ᠮᠡᠳᠡᠭᠦᠯᠬᠦ ᠱᠠᠭᠠᠷᠳᠠᠯᠭ᠎ᠠ᠂ ᠠᠷᠭ᠎ᠠ ᠬᠡᠯᠪᠡᠷᠢ᠂ ᠶᠠᠪᠤᠴᠠ ᠵᠡᠷᠭᠡ ᠶᠢᠨ ᠲᠤᠬᠠᠢ ᠭᠤᠣᠯᠳᠠᠯᠭ᠎ᠠ ᠲᠠᠢ ᠲᠠᠶᠢᠯᠤᠮᠵᠢ ᠬᠢᠵᠦ᠂ ᠴᠡᠷᠢᠭ ᠤᠨ ᠬᠤᠸᠠᠷᠠᠨ ᠳᠤ ᠣᠷᠣᠯᠴᠠᠬᠤ᠂ ᠡᠬᠡ ᠤᠯᠤᠰ ᠲᠠᠭᠠᠨ ᠬᠦᠴᠦ ᠪᠠᠨ ᠡᠷᠭᠦᠬᠦ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠡᠢ᠃      ᠬᠤᠷᠠᠯ ᠠᠴᠠ ᠳᠡᠭᠡᠳᠦ ᠱᠠᠲᠤᠨ ᠤ ᠲᠧᠯᠸᠢᠰ ᠤᠳᠠᠰᠤᠨ ᠤ ᠬᠤᠷᠠᠯ ᠪᠣᠯᠣᠨ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠤᠷᠪᠠᠨ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠴᠡᠷᠢᠭ ᠡᠯᠰᠡᠬᠦ ᠠᠵᠢᠯ ᠤᠨ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠰ ᠢ ᠠᠬᠢᠭᠤᠯᠬᠤ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ ᠢ ᠭᠤᠣᠯᠳᠠᠯᠭ᠎ᠠ ᠲᠠᠢ ᠡᠯᠰᠡᠵᠦ᠂ ᠰᠣᠷᠪᠤᠯᠵᠢᠯᠠᠭ᠎ᠠ ᠶᠢ ᠴᠢᠩᠭᠠᠳᠬᠠᠨ᠂ ᠵᠣᠬᠢᠬᠤ ᠨᠠᠰᠤᠨ ᠤ ᠵᠠᠯᠠᠭᠤᠴᠤᠳ ᠤᠨ ᠰᠠᠭᠤᠷᠢ ᠲᠤᠭ᠎ᠠ ᠪᠣᠯᠣᠨ ᠬᠦᠰᠡᠯ ᠰᠠᠨᠠᠭ᠎ᠠ ᠶᠢ ᠲᠣᠳᠣᠷᠬᠠᠢ ᠣᠶᠢᠯᠠᠭᠠᠵᠤ᠂ ᠬᠠᠮᠢᠶ᠎ᠠ ᠪᠦᠬᠦᠢ ᠡᠬᠡ ᠳᠠᠩᠰᠠ ᠪᠠᠶᠢᠭᠤᠯᠤᠨ᠂ ᠪᠦᠬᠦ ᠲᠠᠯ᠎ᠠ ᠪᠠᠷ ᠪᠠᠶᠢᠴᠠᠭᠠᠨ ᠵᠢᠭᠰᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠭᠤᠷᠪᠠ ᠳᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠢ ᠪᠠᠲᠤ     ᠰᠠᠬᠢᠨ᠂ ᠤᠯᠠᠭᠠᠨ ᠱᠤᠭᠤᠮ ᠳᠤ ᠭᠠᠷ ᠬᠦᠷᠬᠦ ᠦᠭᠡᠢ ᠪᠠᠶᠢᠵᠤ᠂ ᠴᠡᠷᠢᠭ ᠡᠯᠰᠡᠬᠦ ᠠᠵᠢᠯ ᠤᠨ ᠥᠨᠳᠥᠷ ᠪᠦᠲᠦᠮᠵᠢᠲᠡᠢ᠂ ᠴᠢᠨᠠᠷ ᠰᠠᠶᠢᠲᠠᠢ᠂ ᠡᠷᠬᠡ ᠲᠡᠭᠰᠢ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号