ᠠᠯᠲᠠᠨᠬᠢᠯᠢ ᠰᠤᠮᠤ ᠨᠢ ᠨᠠᠶᠢᠬᠡᠮ ᠵᠢᠷᠤᠮ ᠤᠨ ᠭᠤᠤᠯᠯᠠᠭᠴᠢ  ᠦᠷᠳᠡᠭ ᠤᠨ ᠦᠵᠠᠯᠲᠠ ᠶᠢ ᠪᠠᠲᠠᠷᠠᠭᠤᠯᠵᠤ᠂ ᠬᠠᠭᠤᠴᠢ ᠶᠤᠰᠤ ᠪᠦᠲᠤᠬᠦᠯᠢᠭ ᠲᠠᠳᠬᠠᠯ ᠢ ᠦᠬᠡᠷᠡᠴᠢᠯᠠᠬᠦ ᠰᠢᠨ᠎ᠡ ᠬᠡᠪ ᠰᠤᠷᠲᠠᠯ ᠢ ᠪᠤᠢ ᠪᠤᠯᠭᠠᠪᠠ
ᠨᠡᠶᠢᠲᠡᠯᠡᠭᠰᠡᠨ ᠴᠠᠭ᠄
2024/2/21
      ᠠᠮᠤ ᠬᠦᠨᠠᠰᠤ ᠪᠢᠯᠠᠭᠮ᠎ᠠ ᠪᠠᠶᠢᠯ᠎ᠠ ᠴᠤ ᠠᠷᠢᠭᠤᠨ ᠬᠦᠯᠤᠰᠤᠨ ᠤ ᠲᠠᠨᠢ ᠦᠷ᠎ᠠ ᠪᠤᠯᠬᠤᠷ ᠠᠷᠪᠢᠯᠠᠨ ᠭᠠᠮᠨᠡ      ᠠᠲᠤᠭᠤ ᠮᠠᠯ ᠲᠦᠬᠦᠷᠡᠩ ᠪᠠᠶᠢᠯ᠎ᠠ ᠴᠤ ᠠᠤᠭ᠎ᠠ ᠵᠢᠳᠬᠦᠯ ᠤᠨ ᠲᠠᠨᠢ ᠪᠦᠲᠤᠬᠡᠯ ᠪᠤᠯᠬᠤᠷ ᠠᠷᠪᠢᠯᠠᠨ ᠭᠠᠮᠨᠡ      ᠰᠠᠭᠠᠯᠢ ᠰᠦ ᠡᠯᠪᠡᠭ ᠪᠠᠶᠠᠨ ᠴᠤ ᠰᠠᠨᠴᠢᠭ ᠪᠤᠭᠤᠷᠤᠯ ᠡᠵᠢ ᠶᠢᠨ ᠲᠠᠨᠢ ᠰᠠᠴᠤᠯᠢ ᠪᠠᠨ ᠡᠷᠬᠦᠭᠰᠠᠨ ᠬᠠᠷᠢᠭᠤ ᠶᠤᠮ ᠪᠤᠯᠬᠤᠷ ᠠᠷᠪᠢᠯᠠᠨ ᠭᠠᠮᠨᠡ      ᠰᠠᠶᠢᠬᠠᠨ ᠪᠠᠶᠢᠭᠠᠯᠢ ᠲᠠᠩᠰᠤᠭ ᠪᠠᠶᠢᠯ᠎ᠠ ᠴᠤ ᠰᠠᠨᠠᠭ᠎ᠠ ᠴᠠᠭᠠᠨ ᠠᠪᠤ ᠶᠢᠨ ᠲᠠᠨᠢ ᠰᠠᠩ ᠢᠶᠠᠨ ᠡᠷᠬᠦᠭᠰᠠᠨ ᠤ ᠦᠭᠬᠦᠬᠡᠴᠢ ᠶᠤᠮ ᠪᠤᠯᠬᠤᠷ ᠠᠷᠪᠢᠯᠠᠨ ᠭᠠᠮᠨᠡ︔      2023 ᠣᠨ ᠳᠤ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤ ᠨᠢ ᠬᠤᠰᠢᠭᠤ ᠨᠠᠮ ᠤᠨ ᠬᠤᠷᠢᠶᠠᠨ ᠤ ︽ᠪᠦᠬᠦ ᠬᠤᠰᠢᠭᠤᠨ ᠤ ᠮᠠᠯᠵᠢᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶᠡᠨ ᠤ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢᠨ ᠲᠣᠭᠤᠷᠢᠨ ᠳᠤ ᠵᠠᠩ ᠳᠠᠳᠬᠠᠯ ᠢ ᠥᠭᠡᠷᠡᠴᠢᠯᠡᠬᠦ ᠠᠵᠢᠯ ᠢ        ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ ︵ᠥᠷᠲᠡᠭᠡ︶᠂ ᠨᠠᠮ ᠤᠨ ᠬᠡᠰᠢᠬᠦᠨ ᠪᠠ ᠣᠯᠠᠨ ᠲᠦᠮᠡᠨ ᠳᠤ ᠦᠢᠯᠡᠴᠢᠯᠠᠬᠦ ᠲᠥᠪ ᠲᠤ ᠲᠦᠰᠢᠭᠯᠡᠨ᠂ ᠲᠥᠷᠥ ᠶᠢᠨ ᠪᠣᠳᠣᠯᠭ᠎ᠠ ᠬᠡᠷᠡᠭᠵᠢᠬᠦᠯᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ᠂ ᠨᠡᠶᠢᠲᠡᠯᠢᠭ ᠵᠢᠱᠢᠶ᠎ᠡ ᠰᠣᠩᠭᠤᠬᠤ ᠵᠡᠷᠭᠡ ᠠᠷᠭ᠎ᠠ ᠪᠠᠷ ᠳᠠᠮᠵᠢᠭᠤᠯᠤᠨ᠂ ᠮᠠᠯᠵᠢᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠭᠡᠳᠡᠯᠡᠨ ᠳᠠᠪᠰᠢᠬᠤ ᠰᠠᠶᠢᠨ ᠰᠠᠶᠢᠬᠠᠨ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠰᠤᠷᠲᠠᠯᠴᠢᠯᠠᠪᠠ᠃      ᠮᠠᠯᠵᠢᠬᠤ ᠣᠷᠣᠨ ᠤ ᠬᠤᠷᠢᠮ ᠪᠡᠯᠪᠡᠰᠦᠷᠡᠯ᠂ ᠵᠢᠯ ᠤᠰᠤ ᠵᠡᠷᠬᠡ ᠶᠢ ᠶᠠᠬᠡᠪᠠᠷ ᠬᠢᠬᠦ᠂ ᠠᠲᠠᠭᠠᠷᠬᠠᠨ ᠠᠳᠠᠯᠢᠳᠬᠠᠬᠤ ᠦᠵᠡᠭᠳᠡᠯ ᠪᠠᠶᠢᠨ ᠳᠠᠬᠢᠨ ᠭᠠᠷᠴᠤ ᠪᠠᠶᠢᠬᠤ ᠪᠠᠶᠢᠳᠠᠯ ᠳᠤ ᠴᠢᠭᠯᠡᠭᠦᠯᠦᠨ᠂  ᠠᠯᠲᠠᠨᠬᠢᠯᠢ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠮᠠᠯᠵᠢᠬᠤ ᠣᠷᠣᠨ ᠤ ᠣᠯᠠᠨ ᠲᠦᠮᠡᠨ ᠤ ᠬᠤᠷᠢᠮ ᠪᠡᠯᠪᠡᠰᠦᠷᠡᠯ᠂ ᠵᠢᠯ ᠤᠰᠤ ᠲᠤᠮᠲᠠᠬᠢ ᠵᠠᠷᠤᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠪᠦᠬᠦ ᠰᠤᠮᠤᠨ ᠤ ᠬᠡᠪᠴᠢᠶᠡᠨ ᠳᠤ ᠮᠠᠯᠵᠢᠬᠤ ᠣᠷᠣᠨ ᠤ ᠬᠠᠭᠤᠴᠢ ᠶᠤᠰᠤ ᠪᠦᠲᠤᠬᠦᠯᠢᠭ ᠲᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠦᠨᠳᠦᠳᠬᠡᠭᠰᠡᠨ ᠰᠠᠭᠤᠷᠢᠨ ᠳᠡᠭᠡᠷ᠎ᠡ᠂ ᠮᠠᠯᠵᠢᠬᠤ ᠣᠷᠣᠨ ᠤ ᠬᠤᠷᠢᠮ ᠪᠡᠯᠪᠡᠰᠦᠷᠡᠯ᠂ ᠵᠢᠯ ᠤᠨ ᠪᠠᠶᠠᠷ ᠢ ᠪᠡᠯᠭᠡᠯᠡᠬᠦ ᠵᠡᠷᠭᠡ ᠠᠵᠢᠯᠯᠠᠭ᠎ᠠ ᠶᠢ ︽ᠭᠠᠴᠠᠭᠠᠨ ᠤ ᠳᠦᠷᠢᠮ ᠠᠷᠠᠳ ᠤᠨ ᠭᠡᠷ᠎ᠡ︾ ᠳᠤ ᠣᠷᠣᠭᠤᠯᠵᠤ᠂ ᠮᠠᠯᠴᠢᠳ ᠤᠨ ᠣᠷᠣᠯᠭ᠎ᠠ ᠶᠢᠨ ᠪᠠᠶᠢᠲᠠᠯ ᠢ ᠦᠨᠳᠦᠰᠦᠯᠡᠨ᠂ ︽ᠵᠢᠯ ᠤᠷᠤᠬᠤ ᠨᠡᠶᠢᠳᠡ ᠶᠢᠨ ᠭᠡᠷ᠎ᠡ︾ ᠶᠢ ᠲᠤᠭᠲᠠᠭᠠᠵᠤ᠂ ᠮᠠᠯᠵᠢᠬᠤ ᠣᠷᠣᠨ ᠤ ᠤᠯᠠᠨ ᠲᠦᠮᠡᠨ ᠢ ᠬᠥᠲᠥᠯᠥᠨ ᠵᠢᠯᠤᠭᠤᠳᠴᠤ ᠬᠠᠭᠤᠴᠢᠨ ᠶᠣᠰᠣ ᠪᠦᠳᠦᠭᠦᠯᠢᠭ ᠳᠠᠳᠬᠠᠯ ᠢ ᠲᠠᠶᠠᠭᠳᠠᠭᠤᠯᠵᠤ᠂ ᠪᠣᠯᠪᠠᠰᠤᠨ ᠰᠢᠨ᠎ᠡ ᠰᠤᠷᠲᠠᠯ ᠢ ᠮᠠᠯᠵᠢᠬᠤ ᠣᠷᠣᠨ ᠤ ᠤᠯᠠᠨ ᠲᠦᠮᠡᠨ ᠤ ᠰᠡᠳᠬᠢᠯ ᠵᠢᠷᠦᠬᠡᠨ ᠳᠤ ᠬᠠᠳᠠᠩᠰᠢᠭᠤᠯᠪᠠ᠃      ᠵᠠᠰᠠᠭ ᠤᠨ ᠣᠷᠳᠣᠨ ᠠᠴᠠ ᠠᠬᠢᠭᠤᠯᠬᠤ ᠪᠠ ᠮᠠᠯᠴᠢᠳ ᠤᠨ ᠥᠪᠡᠷᠲᠡᠭᠡᠨ ᠵᠠᠰᠠᠬᠤ ᠶᠢ ᠬᠠᠷᠢᠯᠴᠠᠨ  ᠤᠶᠠᠯᠲᠤᠭᠤᠯᠵᠤ᠂ ᠨᠠᠮ ᠤᠨ ᠭᠡᠰᠢᠭᠦᠨ ᠺᠠᠳ᠋ᠷ᠂ ︽ᠬᠤᠶᠠᠷ ᠵᠥᠪᠯᠡᠯ︾ ᠤᠨ ᠪᠦᠷᠢᠯᠳᠦᠭᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠣᠨ ︽ᠨᠢᠭᠡ ᠭᠡᠷ᠎ᠡ ᠳᠥᠷᠪᠡᠨ ᠬᠤᠷᠠᠯ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠢᠯ ᠤᠰᠤ ᠶᠢ ᠶᠡᠭᠡ ᠪᠠᠷ ᠬᠢᠬᠦ᠂ ᠪᠦᠷᠢᠯᠭᠡᠨ ᠰᠦᠢᠳᠬᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠲᠦᠯᠬᠢᠨ ᠠᠬᠢᠭᠤᠯᠬᠤ ᠪᠠᠷ ᠭᠤᠣᠯ ᠠᠭᠤᠯᠭ᠎ᠠ ᠪᠣᠯᠭᠠᠵᠤ᠂ ︽ ᠭᠠᠴᠠᠭᠠᠨ ᠤ ᠳᠦᠷᠢᠮ ᠠᠷᠠᠳ ᠤᠨ ᠭᠡᠷ᠎ᠡ︾ ᠶᠢᠨ ᠬᠤᠪᠢ ᠬᠤᠷᠠᠮᠳᠤᠭᠤᠯᠬᠤ ᠳᠦᠷᠢᠮ ᠢ ᠬᠡᠷᠡᠭᠵᠢᠭᠦᠯᠵᠦ᠂ ᠮᠠᠯᠵᠢᠬᠤ ᠣᠷᠣᠨ ᠤ ᠬᠠᠭᠤᠴᠢᠨ ᠶᠣᠰᠣ ᠪᠦᠳᠦᠭᠦᠯᠢᠭ ᠳᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠠᠷᠭ᠎ᠠ ᠳᠤ ᠣᠷᠣᠭᠤᠯᠵᠤ᠂ ︽ᠵᠠᠯᠠᠭᠤᠴᠤᠤᠨ ᠪᠢᠲᠠᠨ ᠤ ᠤᠷᠢᠶᠠᠯᠠᠯ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠥᠭᠡᠷᠡᠴᠢᠯᠡᠬᠦ ᠶᠢ ᠦᠢᠯᠡᠳᠦᠯᠭᠡᠵᠢᠭᠦᠯᠤᠶ᠎ᠠ︾ ᠭᠤᠣᠯ ᠰᠡᠳᠦᠪᠲᠦ ᠬᠠᠮᠲᠤ ᠶᠢᠨ ᠠᠮᠠᠯᠠᠯᠲᠠ ᠶᠢᠨ ᠭᠠᠷ ᠤᠨ ᠥᠰᠥᠭ ᠵᠢᠷᠤᠬᠤ ᠶᠣᠰᠣᠯᠠᠯ᠂ ︽ᠵᠠᠩ ᠳᠠᠳᠬᠠᠯ ᠢᠶᠠᠨ ᠦᠬᠡᠷᠡᠴᠢᠯᠠᠨ  ᠪᠤᠯᠪᠠᠰᠤᠨ ᠰᠤᠷᠲᠠᠯ ᠢ ᠡᠷᠬᠢᠮᠠᠯᠬᠦ ᠳᠤ ᠡᠮᠡᠭᠲᠡᠶᠢᠴᠦᠳ ᠤᠷᠢᠳᠠᠪᠠᠷ ᠬᠦᠲᠠᠯᠤᠯᠴᠠᠶ᠎ᠠ︾᠂ ︽ᠭᠠᠴᠠᠭᠠᠨ ᠤ ᠳᠦᠷᠢᠮ ᠠᠷᠠᠳ ᠤᠨ ᠭᠡᠷ᠎ᠡ︾ ᠶᠢᠨ ᠬᠤᠪᠢ ᠬᠤᠷᠠᠮᠳᠤᠭᠤᠯᠵᠤ ᠪᠤᠲᠠᠰ ᠰᠣᠯᠢᠬᠤ ᠵᠡᠷᠭᠡ ᠠᠵᠢᠯᠯᠠᠭ᠎ᠠ ᠶᠢ ᠦᠷᠨᠢᠬᠦᠯᠵᠤ᠂ ᠵᠢᠯ ᠤᠨ ᠪᠠᠶᠠᠷ ᠢ ᠬᠡᠷ ᠵᠠᠭᠤᠷ᠎ᠠ ᠪᠠᠨ ᠲᠦᠬᠦᠮ ᠪᠡᠯᠭᠡᠯᠡᠬᠦ ᠪᠤᠶᠤ ᠪᠡᠯᠬᠡᠯᠡᠬᠦ ᠦᠬᠡᠢ ᠪᠠᠶᠢᠬᠤ ᠶᠢ ᠰᠠᠨᠠᠭᠠᠴᠢᠯᠠᠵᠤ᠂ ︽ᠨᠠᠶᠢᠷ ᠲᠠᠯ᠎ᠠ ᠶᠢᠨ ᠳᠠᠷᠤᠭᠠᠰᠤ ᠶᠢ ᠬᠥᠩᠭᠡᠷᠡᠭᠦᠯᠬᠦ︾ ᠪᠠᠷ ᠳᠠᠮᠵᠢᠭᠤᠯᠤᠨ᠂ ᠮᠠᠯᠵᠢᠬᠤ ᠣᠷᠣᠨ ᠤ ᠬᠠᠭᠤᠴᠢ ᠶᠤᠰᠤ ᠪᠦᠲᠤᠬᠦᠯᠢᠭ ᠲᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠪᠠ᠃      ︽ᠪᠢ ᠪᠣᠯ ᠪᠦᠯᠢᠶᠠᠨ ᠭᠠᠴᠠᠭᠠᠨ ᠤ ᠮᠠᠯᠴᠢᠨ ᠯᠤᠪᠰᠠᠩ᠂ ᠡᠨᠡ ᠵᠢᠯ 61 ᠨᠠᠰᠤᠲᠠᠢ᠂ ᠮᠢᠨᠤ ᠬᠡᠤᠬᠡᠨ 37  ᠨᠠᠰᠤᠲᠠᠢ᠂ ᠮᠠᠨ ᠤ ᠬᠤᠶᠠᠷ ᠴᠦᠮ ᠨᠠᠰᠤᠨ ᠪᠠᠶᠠᠷ ᠤᠨ ᠲᠤᠬᠠᠢ ᠲᠤᠰᠬᠠᠢ ᠲᠠᠶᠢᠯᠠᠭ᠎ᠠ ᠬᠢᠭᠰᠡᠨ ᠦᠬᠡᠢ᠂ ᠵᠦᠪᠬᠡᠨ ᠬᠡᠲᠤᠨ ᠰᠠᠲᠤᠨ ᠲᠦᠷᠤᠯ ᠤᠨ ᠬᠤᠭᠤᠷᠤᠨᠲᠤ ᠲᠦᠬᠦᠮ ᠬᠢᠭᠰᠡᠨ ᠪᠠᠶᠢᠨ᠎ᠠ︾︔ ︽ᠪᠢ ᠪᠣᠯ ᠪᠦᠯᠢᠶᠡᠨ ᠭᠠᠴᠠᠭᠠᠨ ᠤ ᠮᠠᠯᠴᠢᠨ ᠨᠠᠷᠠᠨᠮᠠᠨᠳᠤᠯ᠎ᠠ᠂ ᠡᠨᠡ ᠵᠢᠯ 49 ᠨᠠᠰᠤᠲᠠᠢ᠂ ᠵᠢᠯ ᠣᠷᠣᠬᠤ ᠶᠣᠰᠣᠯᠠᠯ ᠬᠢᠭᠰᠡᠨ ᠦᠭᠡᠢ᠂ ᠬᠦᠲᠡᠭᠡ ᠬᠡᠷ ᠲᠤ  ᠪᠠᠨ ᠲᠦᠬᠦᠮ ᠪᠡᠯᠬᠡᠯᠡᠪᠠ︾︔ ︽ᠪᠢ ᠪᠣᠯ ᠪᠠᠶᠠᠨᠬᠠᠩᠭᠠᠢ ᠭᠠᠴᠠᠭᠠᠨ ᠤ ᠨᠠᠮ ᠤᠨ ᠭᠡᠰᠢᠭᠦᠨ ᠡᠷᠲᠠᠨᠢᠪᠠᠭᠠᠨ᠎ᠠ᠂ ᠳᠡᠭᠡᠳᠦ ᠱᠠᠲᠤᠨ ᠤ ᠤᠷᠢᠶᠠᠯᠠᠭ᠎ᠠ ᠳᠤ 37 ᠨᠠᠰᠤᠨ ᠤ ᠪᠠᠶᠠᠷ ᠢ ᠪᠡᠯᠬᠡᠯᠡᠭᠰᠠᠨ ᠦᠬᠡᠢ᠂ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠦᠢᠯᠡᠳᠦᠯᠭᠡᠵᠢᠭᠦᠯᠦᠭᠴᠢ ᠪᠤᠯᠬᠤ ᠪᠠᠷ ᠴᠢᠷᠮᠡᠶᠢᠪᠠ︾……ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠸᠢᠴᠠᠲ ᠤᠨ ᠨᠡᠶᠢᠲᠡ ᠶᠢᠨ ᠳ᠋ᠤᠭᠠᠷ᠂ ᠬᠠᠷᠠᠭᠠᠨ ᠳᠠᠪᠲᠠᠮᠵᠢ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠲᠠᠮᠵᠢᠨ᠂ ︽ᠪᠢ ᠰᠠᠨᠠᠭᠠᠴᠢᠯᠠᠶ᠎ᠠ ᠪᠢ ᠤᠷᠢᠶᠠᠯᠠᠶ᠎ᠠ︾ ᠲᠤᠰᠬᠠᠢ ᠪᠤᠯᠤᠩ ᠭᠠᠷᠭᠠᠵᠤ᠂ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠣᠬᠤᠷ ᠬᠠᠷᠠᠭᠠᠨ ᠳᠠᠪᠲᠠᠮᠵᠢ᠂ ᠴᠥᠷᠬᠡᠯᠡᠭᠡ᠂ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠶᠢ 50 ᠭᠠᠷᠤᠢ ᠤᠳᠠᠭ᠎ᠠ ᠦᠢᠯᠡᠳᠴᠦ ᠳᠠᠮᠵᠢᠭᠤᠯᠤᠨ ᠲᠠᠷᠬᠠᠭᠠᠵᠤ᠂ 16.7 ᠲᠦᠮᠡᠨ ᠬᠥᠮᠥᠨ ᠤᠳᠠᠭ᠎ᠠ ᠲᠣᠪᠴᠢᠳᠠᠵᠤ᠂ ᠮᠠᠯᠵᠢᠬᠤ ᠡᠷᠦᠬᠡ ᠳᠤ ᠭᠦᠨᠵᠡᠭᠡᠶᠢᠷᠡᠨ ︽ᠭᠠᠴᠠᠭᠠᠨ ᠤ ᠲᠦᠷᠢᠮ ᠠᠷᠠᠳ ᠤᠨ ᠭᠡᠷ᠎ᠡ︾ ︱ ︽ᠮᠠᠯᠵᠢᠬᠤ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠭᠠᠷ ᠳᠡᠪᠲᠡᠷ︾ ᠪᠣᠯᠣᠨ ᠬᠠᠭᠤᠴᠢ ᠶᠤᠰᠤ ᠪᠦᠲᠤᠬᠦᠯᠢᠭ ᠳᠠᠳᠬᠠᠯ ᠢ ᠥᠭᠡᠷᠡᠴᠢᠯᠡᠬᠦ ᠰᠠᠨᠠᠭᠠᠴᠢᠯᠠᠭ᠎ᠠ ᠶᠢᠨ ᠪᠢᠴᠢᠭ ᠢ 2000 ᠭᠠᠷᠤᠢ ᠬᠤᠪᠢ ᠲᠠᠷᠬᠠᠭᠠᠬᠤ ᠶᠢᠨ ᠬᠠᠮᠲᠤ ᠰᠤᠮᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠵᠢᠴᠢ ᠡᠯ᠎ᠡ ᠭᠠᠴᠠᠭ᠎ᠠ ᠲᠠᠢ ᠬᠠᠮᠲᠤᠷᠠᠨ ︽ᠴᠠᠭᠠᠨ ᠢᠳᠡᠭᠡᠨ ᠤ ᠠᠳᠠᠯᠢᠳᠬᠠᠨ ᠰᠢᠯᠭᠠᠷᠠᠭᠤᠯᠬᠤ︾ ᠤᠷᠤᠯᠳᠤᠭᠠᠨ᠂ ᠦᠨᠳᠦᠰᠦᠲᠡᠨ ᠤ ᠬᠤᠪᠴᠠᠰᠤ ᠵᠠᠰᠠᠯ᠂ ᠭᠠᠷ ᠤᠷᠠᠯᠠᠯ ᠤᠨ ᠦᠵᠡᠭᠦᠯᠦᠯᠭᠡ᠂ ︽ᠦᠵᠦᠮᠦᠴᠢᠨ ᠬᠤᠨᠢ︾ ᠶᠢᠨ ᠠᠳᠠᠯᠢᠳᠬᠠᠨ ᠰᠢᠯᠭᠠᠷᠠᠭᠤᠯᠬᠤ ᠵᠡᠷᠭᠡ ᠬᠦᠲᠠᠯᠬᠡᠬᠡᠨ ᠶᠢ ᠥᠷᠨᠢᠭᠦᠯᠵᠦ᠂ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠶᠢ ᠶᠡᠭᠡ ᠪᠠᠷ ᠰᠠᠨᠠᠭᠠᠴᠢᠯᠠᠨ᠂ ᠮᠠᠯᠴᠢᠨ ᠲᠦᠮᠡᠨ ᠤ ᠭᠠᠷ ᠬᠥᠳᠡᠯᠦᠨ ᠬᠥᠳᠡᠯᠮᠦᠷᠢᠯᠡᠬᠦ ᠶᠢ     ᠵᠣᠷᠢᠭᠵᠢᠭᠤᠯᠵᠤ᠂ 49 ᠨᠠᠰᠤᠨ ᠠᠴᠠ ᠳᠣᠷᠣᠭᠰᠢᠬᠢ ᠵᠢᠯ ᠤᠨ ᠨᠠᠶᠢᠷ ᠪᠡᠯᠬᠡᠯᠡᠬᠦ ᠦᠬᠡᠢ ᠪᠤᠶᠤ ᠬᠡᠷ ᠵᠠᠭᠤᠷ᠎ᠠ ᠪᠠᠨ ᠳᠥᠭᠦᠮᠴᠢᠯᠡᠨ ᠪᠡᠯᠬᠡᠯᠡᠬᠦ ᠨᠣᠷᠮ᠎ᠠ ᠶᠢ 98% ᠠᠴᠠ ᠳᠡᠭᠡᠭᠰᠢ ᠬᠦᠷᠭᠡᠵᠦ᠂ 2022 ᠣᠨ ᠲᠠᠢ ᠬᠠᠷᠢᠴᠠᠭᠤᠯᠪᠠᠯ ᠠᠳᠠᠯᠢ ᠬᠤᠭᠤᠴᠠᠭᠠᠨ ᠤ ᠬᠢ ᠠᠴᠠ ᠲᠠᠪᠤᠨ ᠵᠠᠭᠤᠨ ᠤ ᠨᠢᠭᠡᠴᠢ ᠲᠠᠬᠡᠭᠰᠢᠯᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号