ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ᠰᠢᠨ᠎ᠡ ᠵᠢᠯ ᠢᠶᠠᠨ ᠤᠭᠲᠤᠬᠤ ᠬᠦᠳᠡᠯᠭᠡᠭᠡᠨ ᠵᠢᠴᠢ 2023 ᠣᠨ ᠤ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/2/26
      ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠵᠤ ᠬᠠᠮᠲᠤᠪᠠᠷ ᠤᠷᠤᠭᠰᠢᠯᠠᠨ᠎ᠠ᠃ ᠡᠯ᠎ᠡ ᠦᠨᠳᠦᠰᠦᠲᠡᠨ ᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠣ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠲᠡᠮᠵᠢᠭᠰᠡᠨ ᠪᠠ ᠣᠷᠣᠯᠴᠠᠭᠰᠠᠨ ᠥᠮᠴᠢᠲᠡᠨ ᠤ ᠵᠥᠪᠯᠡᠯ᠂ ᠠᠳᠠᠯ ᠠᠬᠤᠢ ᠶᠢᠨ ᠺᠣᠮᠫᠠᠨᠢ᠂ ᠬᠠᠯᠠᠭᠤᠨ ᠰᠡᠳᠬᠢᠯᠲᠦ ᠰᠠᠶᠢᠨ ᠳᠤᠷ᠎ᠠ ᠶᠢᠨ ᠠᠵᠢᠯᠯᠠᠭᠰᠠᠳ ᠲᠤ ᠲᠠᠯᠠᠷᠬᠠᠵᠤ ᠨᠡᠩ ᠰᠠᠶᠢᠨ ᠢᠶᠠᠷ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠲᠡᠷᠢᠭᠦᠨ ᠤ ᠬᠢ ᠶᠢ ᠵᠣᠷᠢᠭᠵᠢᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠪᠦᠯᠬᠦᠮᠳᠡᠨ ᠬᠠᠪᠰᠤᠷᠤᠯᠴᠠᠬᠤ᠂ ᠡᠶ᠎ᠡ ᠵᠣᠬᠢᠴᠠᠩᠭᠤᠢ ᠨᠥᠬᠦᠷᠰᠡᠭ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠦᠯᠦᠭᠡ 2 ᠰᠠᠷ᠎ᠠ ᠶᠢᠨ 1 ᠤ ᠡᠳᠦᠷ᠂ ᠤᠯᠢᠶᠠᠰᠤᠲᠠᠢ ᠪᠠᠯᠭᠠᠰᠤᠨ ᠤ ᠬᠦᠪᠴᠢᠨ ᠨᠡᠶᠢᠭᠡᠮ ᠲᠣᠭᠤᠷᠢᠭ ᠠᠴᠠ ᠰᠢᠨ᠎ᠡ ᠵᠢᠯ ᠢᠶᠠᠨ ᠤᠭᠲᠤᠬᠤ ᠬᠦᠳᠡᠯᠭᠡᠭᠡᠨ ᠵᠢᠴᠢ 2023 ᠣᠨ ᠤ ᠬᠥᠬᠢᠭᠦᠯᠦᠨ ᠰᠠᠶᠢᠰᠢᠶᠠᠬᠤ ᠬᠤᠷᠠᠯ ᠢ ᠡᠷᠬᠢᠯᠡᠵᠦ᠂ ᠰᠢᠯᠢᠳᠡᠭ ᠢ ᠨᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠨᠡᠶᠢᠭᠡᠮ ᠲᠣᠭᠤᠷᠢᠭ ᠤᠨ ᠠᠵᠢᠯ ᠢ ᠳ᠋ᠦᠩᠨᠡᠵᠦ᠂ 2024 ᠣᠨ ᠤ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠠᠯᠬᠤᠴᠠ ᠶᠢ ᠦᠷᠭᠦᠯᠵᠢᠯᠡᠨ ᠠᠬᠢᠭᠤᠯᠪᠠ᠃ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠷᠧᠨ ᠱᠤᠤ ᠶᠠᠩ᠂ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠠᠭᠤᠳᠠᠮ ᠠᠵᠢᠯᠯᠠᠭ᠎ᠠ ᠳᠤ ᠣᠷᠣᠯᠴᠠᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠲᠥᠯᠥᠭᠡᠯᠡᠭᠴᠢ᠂ ᠡᠯ᠎ᠡ ᠰᠠᠭᠤᠭᠠᠯᠢ ᠲᠣᠭᠤᠷᠢᠭ ᠤᠨ ᠠᠵᠢᠯ ᠠᠬᠤᠢ ᠶᠢᠨ ᠵᠥᠪᠯᠡᠯ ᠤᠨ ᠪᠦᠷᠢᠯᠳᠦᠭᠦᠨ᠂ ᠠᠳᠠᠯ ᠠᠬᠤᠢ ᠶᠢᠨ ᠺᠣᠮᠫᠠᠨᠢ ᠶᠢᠨ ᠲᠥᠯᠥᠭᠡᠯᠡᠭᠴᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠢᠴᠢ ᠰᠠᠭᠤᠭᠠᠯᠢ ᠤᠯᠠᠨ ᠲᠦᠮᠡᠨ ᠵᠡᠷᠭᠡ ᠵᠠᠭᠤ ᠭᠠᠷᠤᠢ ᠬᠥᠮᠥᠨ ᠣᠷᠣᠯᠴᠠᠭᠰᠠᠨ ᠪᠠᠶᠢᠨ᠎ᠠ᠃      ᠬᠤᠷᠠᠯ ᠠᠴᠠ ᠡᠮᠦᠨ᠎ᠡ ᠪᠦᠭᠦᠳᠡ ᠢᠶᠠᠷ ᠢᠶᠠᠨ ︽ᠬᠦᠪᠴᠢᠨ ᠨᠡᠶᠢᠭᠡᠮ ᠲᠣᠭᠤᠷᠢᠭ ᠤᠨ 2023 ᠣᠨ ᠤ ᠠᠵᠢᠯ ᠤᠨ ᠡᠷᠭᠢᠴᠡᠭᠦᠯᠦᠯ︾ ᠭᠡᠬᠦ ᠣᠬᠤᠷ ᠸᠢᠳᠢᠤ᠋ ᠶᠢ ᠰᠣᠨᠢᠷᠬᠠᠵᠤ᠂ ᠨᠡᠶᠢᠭᠡᠮ ᠲᠣᠭᠤᠷᠢᠭ ᠤᠨ 2023 ᠣᠨ ᠤ ᠪᠦᠬᠦᠯᠢ ᠴᠣᠭᠴᠠ ᠶᠢᠨ ᠠᠵᠢᠯ ᠢ ᠡᠷᠭᠢᠴᠡᠭᠦᠯᠪᠡ᠃      ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠷᠧᠨ ᠱᠣᠸ ᠶᠠᠩ 2023 ᠣᠨ ᠤ ᠬᠦᠪᠴᠢᠨ ᠨᠡᠶᠢᠭᠡᠮ ᠲᠣᠭᠤᠷᠢᠭ ᠤᠨ ᠠᠵᠢᠯ ᠪᠣᠯᠣᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠤᠯᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ᠂ ᠰᠢᠨ᠎ᠡ ᠨᠢᠭᠡ ᠵᠢᠯ ᠳᠤ ᠴᠥᠬᠦᠷᠡᠰᠢ ᠦᠭᠡᠢ ᠴᠢᠷᠮᠠᠶᠢᠨ ᠨᠡᠶᠢᠭᠡᠮ ᠲᠣᠭᠤᠷᠢᠭ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠶᠢ ᠬᠦᠰᠡᠪᠡ᠃ ᠡᠭᠦᠨ ᠤ ᠵᠡᠷᠭᠡ ᠳᠤ ᠥᠷᠭᠡᠨ ᠣᠯᠠᠨ ᠰᠠᠭᠤᠭᠠᠯᠢ ᠠᠷᠠᠳ ᠲᠤ ᠲᠦᠮᠡᠨ ᠬᠡᠷᠡᠭ ᠲᠡᠭᠦᠰ ᠪᠦᠲᠦᠵᠦ᠂ ᠭᠡᠷ ᠬᠤᠲᠠᠯᠠᠭᠠᠷ ᠢᠶᠠᠷ ᠢᠶᠠᠨ ᠵᠣᠯ ᠵᠢᠷᠭᠠᠯ ᠲᠠᠢ ᠪᠠᠶᠢᠬᠤ ᠰᠠᠶᠢᠨ ᠰᠠᠶᠢᠬᠠᠨ ᠢᠷᠦᠭᠡᠯ ᠡᠷᠭᠦᠭᠰᠡᠨ ᠪᠠᠶᠢᠨ᠎ᠠ᠃       ᠨᠡᠶᠢᠲᠡᠯᠢᠭ ᠵᠢᠱᠢᠶ᠎ᠡ ᠰᠣᠩᠭᠤᠵᠤ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠪᠠ᠃ 2023 ᠣᠨ ᠤ ᠨᠡᠶᠢᠭᠡᠮ ᠲᠣᠭᠤᠷᠢᠭ ᠤᠨ ᠠᠵᠢᠯ ᠳᠤ᠂ ᠮᠠᠰᠢ ᠤᠯᠠᠨ ᠵᠢᠱᠢᠶᠡᠴᠢ ᠰᠠᠶᠢᠨ ᠳᠤᠷ᠎ᠠ ᠶᠢᠨ ᠠᠵᠢᠯᠯᠠᠭᠴᠢ ᠶᠢᠨ ᠪᠦᠯᠬᠦᠮ ᠪᠣᠯᠣᠨ ᠬᠤᠪᠢ ᠬᠥᠮᠥᠨ ᠴᠣᠯᠭᠤᠷᠠᠨ ᠭᠠᠷᠴᠠᠢ᠂ ᠲᠡᠳᠡ ᠪᠣᠳᠠᠲᠤ ᠠᠵᠢᠯᠯᠠᠭ᠎ᠠ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠣ᠂ ᠬᠠᠯᠠᠭᠤᠨ ᠰᠡᠳᠬᠢᠯ ᠪᠣᠯᠣᠨ ᠬᠤᠪᠢ ᠨᠡᠮᠡᠷᠢ ᠦᠵᠡᠭᠦᠯᠬᠦ ᠪᠠᠷ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠦᠭᠰᠡᠨ ᠪᠠᠶᠢᠨ᠎ᠠ᠃ ᠬᠦᠪᠴᠢᠨ ᠨᠡᠶᠢᠭᠡᠮ ᠲᠣᠭᠤᠷᠢᠭ 2023 ᠣᠨ ᠤ ᠨᠡᠶᠢᠭᠡᠮ ᠲᠣᠭᠤᠷᠢᠭ ᠤᠨ ᠠᠵᠢᠯ ᠳᠤ ᠣᠷᠣᠯᠴᠠᠭᠰᠠᠨ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢᠨ ᠪᠦᠯᠬᠦᠮ᠂ ᠰᠢᠯᠢᠳᠡᠭ ᠥᠮᠴᠢᠲᠡᠨ ᠤ ᠵᠥᠪᠯᠡᠯ᠂ ᠰᠢᠯᠢᠳᠡᠭ ᠠᠳᠠᠯ ᠠᠬᠤᠢ ᠶᠢᠨ ᠠᠵᠢᠯᠲᠠᠨ᠂ ᠰᠢᠯᠢᠳᠡᠭ ᠴᠡᠷᠢᠭ ᠠᠴᠠ ᠬᠠᠯᠠᠭᠳᠠᠭᠰᠠᠳ᠂ ᠰᠢᠯᠢᠳᠡᠭ ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠬᠠᠪᠰᠤᠷᠤᠭᠴᠢ᠂ ᠰᠢᠯᠢᠳᠡᠭ ᠨᠡᠶᠢᠭᠡᠮ ᠲᠣᠭᠤᠷᠢᠭ ᠤᠨ ᠲᠣᠣᠷᠴᠢᠯᠠᠭᠰᠠᠨ ᠬᠠᠮᠢᠲᠠᠷᠣᠯᠳᠠ ᠶᠢᠨ ᠠᠵᠢᠯᠲᠠᠨ᠂ ᠰᠢᠯᠢᠳᠡᠭ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠭᠡᠰᠢᠭᠦᠨ ᠢ ᠬᠥᠬᠢᠭᠦᠯᠦᠨ ᠰᠠᠶᠢᠰᠢᠶᠠᠪᠠ᠃ ᠲᠡᠳᠡᠨ ᠤ ᠦᠵᠡᠭᠦᠯᠦᠭᠰᠡᠨ ᠬᠤᠪᠢ ᠨᠡᠮᠡᠷᠢ ᠪᠠ ᠪᠠᠳᠠᠷᠠᠭᠤᠯᠤᠭᠰᠠᠨ ᠴᠢᠬᠤᠯᠠ ᠦᠢᠯᠡᠳᠦᠯ ᠢ ᠨᠤᠲᠠᠯᠠᠵᠤ ᠶᠢᠨ ᠬᠠᠮᠳᠣ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠬᠤᠪᠢ ᠨᠡᠮᠡᠷᠢ ᠦᠵᠡᠭᠦᠯᠦᠭᠰᠡᠨ ᠪᠠ ᠰᠢᠷᠭᠠᠭᠤ ᠬᠠᠲᠠᠭᠤᠵᠢᠯᠲᠠᠢ ᠪᠠᠷ ᠵᠢᠳᠬᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠭᠰᠠᠨ ᠪᠠᠶᠢᠨ᠎ᠠ᠃ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠨᠢ ᠥᠷᠭᠡᠨ ᠤᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠨᠠᠮ ᠤᠨ ᠭᠡᠰᠢᠭᠦᠨ ᠳᠤ ᠦᠯᠢᠭᠡᠷ ᠳᠠᠭᠤᠷᠢᠶᠠᠯ ᠪᠣᠯᠵᠤ᠂ ᠨᠠᠮ ᠤᠨ ᠨᠢᠭᠲᠠᠷᠠᠯ ᠤᠨ ᠬᠦᠴᠦᠨ᠂ ᠪᠦᠲᠦᠭᠡᠯᠴᠢ ᠬᠦᠴᠦᠨ ᠪᠠ ᠲᠠᠲᠠᠬᠤ ᠬᠦᠴᠦᠨ ᠢ ᠴᠢᠩᠭᠠᠳᠬᠠᠪᠠ᠃ ᠡᠭᠦᠨ ᠤ ᠵᠡᠷᠭᠡ ᠳᠤ ᠨᠡᠩ ᠤᠯᠠᠨ ᠰᠠᠭᠤᠭᠠᠯᠢ ᠠᠷᠠᠳ ᠢ ᠲᠠᠶᠢᠴᠢᠯᠠᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠪᠣᠯᠪᠠᠰᠤᠨ ᠨᠠᠶᠢᠷᠠᠮᠳᠠᠭᠤ ᠵᠣᠯ ᠵᠢᠷᠭᠠᠯᠲᠤ ᠨᠡᠶᠢᠭᠡᠮ ᠲᠣᠭᠤᠷᠢᠭ ᠢ ᠬᠠᠮᠲᠤ ᠪᠠᠷ ᠪᠦᠳᠦᠭᠡᠨ ᠪᠠᠶᠢᠭᠤᠯᠬᠤ ᠪᠣᠯᠣᠨ᠎ᠠ᠃      ᠤᠷᠠᠨ ᠰᠠᠶᠢᠬᠠᠨ ᠤ ᠲᠣᠭᠯᠠᠯᠲᠠ ᠭᠤᠶᠢᠳᠠ ᠰᠠᠶᠢᠬᠠᠨ᠃ ᠰᠢᠨ᠎ᠡ ᠵᠢᠯ ᠢᠶᠠᠨ ᠣᠭᠳᠣᠬᠤ ᠬᠦᠳᠡᠯᠭᠡᠭᠡᠨ ᠨᠢ ᠤᠷᠮ᠎ᠠ ᠵᠣᠷᠢᠭ ᠪᠠᠳᠠᠷᠠᠭᠰᠠᠨ ᠭᠤᠴᠣᠯᠠᠯ ᠬᠥᠭᠵᠢᠮ ᠤᠨ ᠳᠤᠮᠳᠠ ᠡᠬᠢᠯᠡᠵᠦ᠂ ᠭᠤᠳᠤᠮᠵᠢ ᠶᠢᠨ ᠪᠥᠵᠢᠭ ᠂ ᠤᠷᠳᠤ ᠶᠢᠨ ᠳᠠᠭᠤᠤ᠂ ᠭᠤᠴᠣᠯᠠᠯ ᠳᠠᠭᠤᠤ᠂ ᠡᠷᠡᠭᠲᠡᠢ ᠡᠮᠡᠭᠲᠡᠢ ᠶᠢᠨ ᠬᠤᠣᠰᠯᠠᠯ ᠳᠠᠭᠤᠤ᠂ ᠮᠣᠷᠢᠨ ᠬᠤᠭᠤᠷ ᠤᠨ ᠲᠣᠭᠯᠠᠯᠲᠠ᠂ ᠵᠡᠭᠡᠯᠢ ᠶᠢᠨ ᠪᠥᠵᠢᠭ᠂ ᠮᠠᠨᠵᠤ ᠲᠡᠷᠯᠢᠭ ᠤᠨ ᠦᠵᠡᠰᠬᠦᠯᠡᠩ᠂ ᠬᠦᠮᠠᠢ ᠵᠡᠷᠭᠡ ᠤᠯᠠᠨ ᠵᠦᠢᠯ ᠤᠨ ᠬᠡᠯᠪᠡᠷᠢ ᠶᠢᠨ ᠲᠣᠭᠯᠠᠯᠲᠠ ᠪᠠᠶᠢᠵᠣ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠯᠠᠭ᠎ᠠ ᠲᠡᠰᠢᠯᠲᠡ ᠶᠢ ᠲᠠᠲᠠᠪᠠ᠃ ᠬᠠᠮᠤᠭ ᠤᠨ ᠰᠡᠭᠦᠯ ᠳᠤ᠂ ᠨᠡᠶᠢᠭᠡᠮ ᠲᠣᠭᠤᠷᠢᠭ ᠤᠨ ᠪᠦᠬᠦ ᠠᠵᠢᠯᠲᠠᠳ ᠤ ︽ᠨᠡᠷᠡᠨ ᠤ ᠭᠡᠷᠡᠯ ᠰᠠᠯᠬᠢ ᠪᠣᠷᠣᠭᠠᠨ ᠤ ᠳᠠᠷᠠᠭ᠎ᠠ︾ ᠭᠡᠬᠦ ᠨᠠᠶᠢᠷᠠᠯ ᠳᠠᠭᠤᠤ ᠨᠢ ᠠᠭᠤᠷ ᠠᠮᠢᠰᠬᠤᠯ ᠢ ᠤᠷᠬᠢᠯ ᠳᠤ ᠬᠦᠷᠭᠡᠵᠦ᠂ ᠤᠯᠠᠨ ᠢᠶᠠᠷ ᠢᠶᠠᠨ ᠬᠠᠮᠲᠤ ᠪᠠᠷ ᠳᠠᠭᠤᠯᠠᠵᠤ᠂ ᠡᠶ᠎ᠡ ᠵᠣᠬᠢᠴᠠᠩᠭᠤᠢ ᠪᠠᠶᠠᠷ ᠪᠠᠶᠠᠰᠤᠯ ᠢ ᠬᠠᠮᠲᠤ ᠪᠠᠷ ᠡᠳᠡᠯᠡᠭᠰᠡᠨ ᠪᠠᠶᠢᠨ᠎ᠠ᠃      ᠲᠣᠰ ᠤᠳᠠᠭᠠᠨ ᠤ ᠨᠠᠶᠢᠷ ᠤᠨ ᠠᠵᠢᠯᠯᠠᠭ᠎ᠠ ᠨᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠴᠤᠭ ᠪᠠᠳᠠᠷᠠᠩᠭᠤᠢ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠤᠨ ᠣᠷᠣᠯᠴᠠᠬᠤ ᠰᠡᠳᠬᠢᠯᠭᠡ᠂ ᠮᠡᠳᠡᠷᠡᠬᠦ ᠰᠡᠳᠬᠢᠯᠭᠡ᠂ ᠭᠥᠷᠳᠡᠬᠦ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 2023 ᠣᠨ ᠨᠢᠭᠡᠨᠲᠡ ᠥᠩᠭᠡᠷᠡᠵᠦ᠂ ᠬᠦᠰᠡᠯ ᠡᠷᠡᠮᠡᠯᠵᠡᠯ ᠪᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ 2024 ᠣᠨ ᠨᠢᠭᠡᠨᠲᠡ ᠬᠦᠷᠴᠦ ᠢᠷᠡᠯ᠎ᠠ᠂ ᠬᠦᠪᠴᠢᠨ ᠨᠡᠶᠢᠭᠡᠮ ᠲᠣᠭᠤᠷᠢᠭ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠤᠯᠠᠨ ᠡᠰᠢᠲᠦ ᠬᠠᠮᠲᠤ ᠶᠢᠨ ᠵᠠᠰᠠᠯᠲᠠ ᠶᠢ ᠴᠢᠨᠠᠭᠰᠢᠳᠠ ᠬᠥᠭᠵᠢᠭᠡᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠨᠡᠩ ᠰᠠᠶᠢᠨ ᠰᠠᠶᠢᠬᠠᠨ ᠨᠡᠶᠢᠭᠡᠮ ᠲᠣᠭᠤᠷᠢᠭ ᠢ ᠴᠣᠭᠴᠠᠯᠠᠨ ᠪᠠᠶᠢᠭᠤᠯᠬᠤ ᠪᠣᠯᠣᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号