ᠡᠷᠢᠶᠡᠨᠭᠤᠪᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ  ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/26
      ᠮᠠᠨ ᠤ ᠠᠮᠢᠳᠤᠷᠠᠯ ᠳᠤ ᠡᠶᠢᠮᠦ ᠨᠢᠭᠡ ᠪᠦᠯᠦᠭ ᠬᠥᠮᠥᠰ ᠪᠠᠶᠢᠳᠠᠭ᠂ ᠲᠡᠳᠡ ᠡᠷᠲᠡ ᠭᠠᠷᠴᠤ ᠣᠷᠣᠢ       ᠬᠠᠷᠢᠵᠤ᠂ ᠰᠠᠯᠬᠢ ᠪᠣᠷᠣᠭᠠᠨ ᠠᠴᠠ ᠠᠶᠤᠬᠤ ᠦᠭᠡᠢ᠂ ᠬᠠᠯᠠᠭᠤᠨ ᠬᠦᠢᠲᠡᠨ ᠠᠴᠠ ᠠᠶᠤᠬᠤ ᠦᠭᠡᠢ᠂ ᠬᠤᠳᠠ ᠶᠢᠨ ᠴᠡᠪᠡᠷ ᠴᠡᠮᠴᠡᠭᠡᠷ ᠪᠠᠶᠢᠬᠤ ᠶᠢᠨ ᠲᠥᠯᠥᠭᠡ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠶᠤᠮ᠃ ᠪᠣᠯᠪᠠᠰᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠳᠡ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠠᠢ᠂ ᠲᠡᠳᠡ ᠪᠣᠯ ᠮᠠᠨ ᠤ ᠬᠤᠳᠠ ᠶᠢᠨ ᠬᠠᠮᠤᠭ ᠤᠨ ᠬᠠᠶᠢᠷᠠᠲᠠᠢ ᠬᠥᠮᠥᠨ — ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠮᠥᠨ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠦᠨᠳᠦᠳᠬᠡᠯ ᠳᠡᠪᠰᠢᠭᠦᠯᠬᠦ ᠶᠢᠨ ᠲᠥᠯᠥᠭᠡ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠡᠷᠢᠶᠡᠨᠭᠤᠪᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠤᠯᠠᠮᠵᠢᠯᠠᠯᠲᠤ ᠪᠠᠶᠠᠷ ᠤᠨ ᠡᠳᠦᠷ · ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ 5 ᠠᠵᠢᠯᠴᠢᠳ ᠲᠤ ᠲᠣᠬᠤᠨᠢᠭᠤᠯᠬᠤ ᠪᠣᠳᠠᠰ ᠬᠦᠷᠭᠡᠭᠰᠡᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠷᠢᠶᠡᠨᠭᠤᠪᠢ ᠨᠡᠶᠢᠭᠡᠮ ᠲᠣᠭᠤᠷᠢᠭ ᠤᠨ ᠠᠵᠢᠯᠲᠠᠳ ᠲᠣᠬᠤᠨᠢᠭᠤᠯᠬᠤ ᠪᠣᠳᠠᠰ ᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠭᠠᠷ ᠲᠤ ᠬᠦᠷᠭᠡᠵᠡᠢ᠃ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠠᠢ ᠳᠣᠲᠣᠨᠣ ᠪᠠᠷ ᠶᠠᠷᠢᠯᠴᠠᠵᠤ᠄ ︽ᠨᠡᠶᠢᠭᠡᠮ ᠲᠣᠭᠤᠷᠢᠭ ᠨᠢ ᠠᠷᠠᠳ ᠲᠤ  ᠲᠦᠬᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠲᠠᠢ᠂ ᠤᠯᠠᠨ ᠢᠶᠠᠷ ᠢᠶᠠᠨ ᠬᠡᠵᠢᠶ᠎ᠡ ᠴᠦ ᠠᠳᠡ ᠢᠷᠡᠵᠦ ᠬᠠᠯᠠᠭᠤᠨ ᠤᠰᠤ ᠳᠤᠰᠴᠤ ᠪᠣᠯᠣᠨ᠎ᠠ᠂ ᠪᠠᠰᠠ ᠠᠮᠠᠷᠠᠵᠤ ᠪᠣᠯᠣᠨ᠎ᠠ᠂ ᠲᠠ ᠨᠠᠷ ᠵᠦᠳᠡᠷᠡᠯ᠎ᠡ᠂ ᠲᠡᠷᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ᠂ ᠬᠠᠷᠢᠶ᠎ᠠ ᠣᠷᠣᠨ ᠤ ᠪᠠᠨ ᠠᠷᠢᠭᠤᠨ ᠴᠡᠪᠡᠷ ᠭᠤᠶᠤ ᠰᠠᠶᠢᠬᠠᠨ ᠢ ᠪᠠᠲᠤᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠪᠤᠵᠠᠷ ᠪᠤᠷᠲᠠᠭ ᠠᠴᠠ ᠠᠶᠤᠬᠤ ᠦᠭᠡᠢ᠂ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ᠂ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠭᠰᠠᠨ ᠪᠥᠭᠡᠳ ᠲᠡᠳᠡᠨ ᠳᠤ ᠥᠪᠡᠷ ᠤᠨ ᠠᠮᠤᠷ ᠲᠦᠪᠰᠢᠨ ᠢᠶᠠᠨ ᠠᠩᠬᠠᠷᠴᠤ᠂ ᠪᠣᠷᠣᠭᠠᠨ ᠴᠠᠰᠤ ᠲᠠᠢ ᠡᠳᠦᠷ ᠳᠤᠯᠠᠭᠠᠯᠠᠬᠤ ᠶᠢ ᠠᠩᠬᠠᠷᠬᠤ ᠬᠡᠷᠡᠭᠲᠡᠢ ᠭᠡᠵᠦ ᠵᠠᠬᠢᠪᠠ᠃ ᠣᠷᠴᠢᠨ ᠲᠣᠭᠤᠷᠢᠨ ᠤ  ᠤᠨ ᠠᠵᠢᠯᠴᠢᠳ ᠠᠴᠠ ᠪᠠᠨ ᠲᠠᠯᠠᠷᠬᠠᠵᠤ᠂ ᠨᠡᠶᠢᠭᠡᠮ ᠲᠣᠭᠤᠷᠢᠭ ᠤᠨ ᠬᠢᠨ ᠲᠡᠳᠡᠨ ᠢ ᠬᠠᠯᠠᠮᠵᠢᠯᠠᠨ ᠵᠣᠷᠢᠭᠵᠢᠭᠤᠯᠤᠭᠰᠠᠨ ᠳᠤ ᠲᠠᠯᠠᠷᠬᠠᠪᠠ᠃      ᠡᠨᠡ ᠤᠳᠠᠭ᠎ᠠ ᠶᠢᠨ ᠲᠣᠬᠤᠨᠢᠭᠤᠯᠬᠤ ᠠᠵᠢᠯᠯᠠᠭ᠎ᠠ ᠨᠢ ᠬᠠᠶᠢᠷ᠎ᠠ ᠬᠠᠯᠠᠮᠵᠢ ᠶᠢ ᠳᠠᠮᠵᠢᠭᠤᠯᠵᠤ᠂  ᠤᠶᠤᠨ ᠰᠠᠨᠠᠭ᠎ᠠ ᠶᠢ ᠨᠢ ᠲᠤᠯᠠᠭᠠᠴᠠᠭᠤᠯᠵᠦ᠂ ᠵᠠᠯᠭᠠᠭᠠᠳ ᠡᠷᠢᠶᠡᠨᠭᠤᠪᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠬᠠᠷᠢᠶ᠎ᠠ ᠣᠷᠣᠨ ᠤ ᠪᠠᠨ ᠣᠨᠴᠠᠭᠠᠢ ᠢ  ᠬᠥᠮᠤᠰ ᠢ ᠦᠷᠭᠦᠯᠵᠢᠯᠡᠨ ᠬᠠᠶᠢᠷᠠᠯᠠᠨ ᠬᠠᠯᠠᠮᠵᠢᠯᠠᠵᠤ᠂ ᠬᠠᠶᠢᠷ᠎ᠠ ᠬᠠᠯᠠᠮᠵᠢ ᠬᠦᠷᠭᠡᠬᠦ ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号