ᠬᠠᠳᠠᠪᠴᠢ ᠪᠠᠯᠭᠠᠰᠤ 2024 ᠣᠨ ᠤ ᠡᠪᠦᠯ ᠤᠨ ᠠᠮᠠᠷᠠᠯᠲᠠ ᠶᠢᠨ ᠬᠡᠦᠬᠡᠳ ᠪᠠᠭᠠᠴᠤᠳ ᠢ ᠬᠠᠯᠠᠮᠵᠢᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/26
      ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ  ᠲᠤᠭᠤᠰᠢᠯᠠᠭᠤᠯᠵᠦ᠂ ᠪᠥᠬᠦ ᠨᠡᠶᠢᠭᠡᠮ ᠳᠤ ᠬᠡᠦᠬᠡᠳ ᠢ ᠬᠠᠯᠠᠮᠵᠢᠯᠠᠨ ᠬᠠᠶᠢᠷᠠᠯᠠᠬᠤ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠠᠪᠰᠤᠷᠤᠯᠭ᠎ᠠ ᠳᠡᠮᠵᠢᠯᠭᠡ ᠬᠠᠩᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2 ᠰᠠᠷ᠎ᠠ ᠶᠢᠨ 24 ᠤ ᠡᠳᠦᠷ᠂ ᠬᠠᠲᠠᠪᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪᠯᠡᠯ ᠤᠨ ᠬᠤᠷᠢᠶ᠎ᠠ ᠬᠠᠮᠲᠤᠷᠠᠨ 2024 ᠣᠨ ᠤ ᠡᠪᠦᠯ ᠤᠨ ᠠᠮᠠᠷᠠᠯᠲᠠ ᠶᠢᠨ ᠬᠡᠦᠬᠡᠳ ᠪᠠᠭᠠᠴᠤᠳ ᠢ ᠬᠠᠯᠠᠮᠵᠢᠯᠠᠬᠤ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠤᠨ ᠬᠠᠯᠠᠭᠤᠨ ᠰᠡᠳᠬᠢᠯᠲᠦ ᠠᠨᠢᠶ᠎ᠠ ᠨᠠᠷ ᠪᠣᠯᠣᠨ ᠭᠡᠤᠭᠡᠤᠳ ᠵᠡᠷᠭᠡ 80 ᠭᠠᠷᠤᠢ ᠬᠥᠮᠥᠨ ᠲᠣᠰ ᠠᠵᠢᠯᠯᠠᠭ᠎ᠠ ᠳᠤ ᠣᠷᠣᠯᠴᠠᠵᠠᠢ᠃      ᠠᠬᠤᠢ ᠳᠠᠯᠠᠪᠤᠷ ᠲᠤ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠦᠢᠴᠡᠳᠭᠡᠬᠦ ᠵᠦᠪᠯᠡᠯ ᠤᠨ ᠭᠡᠰᠢᠭᠦᠳ ᠬᠠᠯᠠᠭᠤᠨ ᠰᠡᠳᠬᠢᠯᠲᠦ ᠠᠨᠢᠶ᠎ᠠ ᠨᠠᠷ ᠢ ᠲᠥᠯᠥᠭᠡᠯᠡᠨ ᠠᠮᠢᠳᠦᠷᠠᠯ ᠬᠦᠴᠢᠷᠳᠡᠯᠲᠠᠢ 11 ᠬᠡᠦᠬᠡᠳ ᠲᠤ ᠬᠥᠮᠥᠨ ᠪᠦᠷᠢ ᠳᠤ 500 ᠲᠥᠭᠦᠷᠢᠭ ᠤᠨ ᠲᠣᠬᠤᠨᠢᠭᠤᠯᠬᠤ ᠮᠥᠩᠭᠦ᠂᠂ ᠨᠣᠮ ᠪᠢᠴᠢᠭ ᠵᠢᠴᠢ ᠪᠢᠴᠢᠭ ᠤᠨ ᠬᠡᠷᠡᠭᠰᠡᠯ ᠵᠡᠷᠭᠡ ᠨᠡᠶᠢᠳᠡ 7000 ᠲᠥᠭᠦᠷᠢᠭ ᠤᠨ ᠦᠷᠳᠡᠭ ᠪᠦᠬᠦᠢ ︽ᠰᠡᠳᠬᠢᠯ ᠢ ᠳᠤᠯᠠᠭᠠᠴᠠᠭᠤᠯᠬᠤ︾ ᠲᠣᠮᠣ ᠪᠡᠯᠡᠭ ᠭᠠᠷᠳᠠᠭᠤᠯᠤᠭᠰᠠᠨ ᠪᠠᠶᠢᠨ᠎ᠠ  ᠃      ᠡᠭᠦᠨ ᠤ ᠳᠠᠷᠠᠭ᠎ᠠ ᠳᠤ᠂ ᠬᠠᠯᠠᠭᠤᠨ ᠰᠡᠳᠬᠢᠯᠲᠦ ᠠᠨᠢᠶ᠎ᠠ ᠶᠢᠨ ᠲᠥᠯᠥᠭᠡᠯᠡᠭᠴᠢ ᠪᠣᠯᠣᠨ ᠬᠡᠦᠬᠡᠳ ᠤᠨ ᠲᠥᠯᠥᠭᠡᠯᠡᠭᠴᠢ ᠠᠴᠠ ᠶᠠᠷᠢᠶ᠎ᠠ ᠳᠠᠯᠪᠢᠪᠡ᠃ ᠬᠠᠯᠠᠭᠤᠨ ᠰᠡᠳᠬᠢᠯᠲᠦ ᠠᠨᠢᠶ᠎ᠠ ᠠᠴᠠ ᠬᠡᠦᠬᠡᠳ ᠤᠨ ᠦᠰᠦᠨ ᠪᠤᠶᠢᠵᠢᠯᠲᠠ ᠶᠢ ᠦᠷᠭᠦᠯᠵᠢᠯᠡᠨ ᠬᠠᠯᠠᠮᠵᠢᠯᠠᠬᠤ ᠶᠢᠨ ᠬᠠᠮᠲᠤ ᠬᠡᠦᠬᠡᠳ ᠤᠳ ᠤᠨ ᠠᠴᠢ ᠬᠠᠷᠢᠭᠤᠯᠠᠯ ᠡᠪᠦᠷᠯᠡᠨ ᠬᠠᠶᠢᠷ᠎ᠠ ᠰᠡᠳᠬᠢᠯᠭᠡ ᠲᠠᠢ᠂ ᠪᠠᠶᠠᠷ ᠪᠠᠶᠠᠰᠤᠯ ᠲᠠᠢ ᠪᠠᠷ ᠦᠰᠦᠨ ᠪᠣᠶᠢᠵᠢᠬᠤ ᠶᠢ ᠬᠦᠰᠡᠨ  ᠢᠷᠦᠭᠡᠵᠦ᠂ ᠡᠭᠦᠨ ᠤ ᠵᠡᠷᠭᠡ ᠳᠤ ᠨᠡᠩ ᠣᠯᠠᠨ ᠬᠠᠯᠠᠭᠤᠨ ᠰᠡᠳᠬᠢᠯᠲᠦ ᠬᠦᠮᠦᠰ ᠬᠠᠮᠲᠦ ᠪᠠᠷ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ  ᠬᠠᠶᠢᠷ᠎ᠠ ᠬᠠᠯᠠᠮᠵᠢ ᠶᠢᠨ ᠦᠢᠯᠡᠴᠢᠯᠡᠯ ᠪᠠ ᠪᠣᠳᠠᠲᠠᠢ ᠠᠵᠢᠯ ᠬᠢᠬᠦ ᠶᠢ ᠤᠷᠢᠶᠠᠯᠠᠨ ᠳᠠᠶᠢᠴᠢᠯᠠᠭᠰᠠᠨ ᠪᠠᠶᠢᠨ᠎ᠠ︔ ᠬᠡᠦᠬᠡᠳ ᠤᠨ ᠲᠥᠯᠥᠭᠡᠯᠡᠭᠴᠢ ᠠᠴᠠ ᠬᠠᠯᠠᠭᠤᠨ ᠰᠡᠳᠬᠢᠯᠲᠦ ᠠᠨᠢᠶ᠎ᠠ ᠨᠠᠷ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠳᠤ ᠲᠠᠯᠠᠷᠬᠠᠯ ᠳᠡᠪᠰᠢᠬᠦᠯᠦᠨ᠂  ᠰᠢᠯᠢᠳᠡᠭ ᠠᠮᠵᠢᠯᠲᠠ ᠪᠠᠷ ᠢᠶᠠᠨ ᠨᠡᠶᠢᠭᠡᠮ ᠤᠨ ᠬᠠᠶᠢᠷ᠎ᠠ ᠬᠠᠯᠠᠮᠵᠢ ᠳᠤ ᠠᠴᠢ ᠬᠠᠷᠢᠭᠤᠯᠤᠨ᠂ ᠢᠷᠡᠭᠡᠳᠦᠢ ᠳᠤ ᠡᠬᠡ ᠤᠯᠤᠰ ᠲᠠᠭᠠᠨ ᠨᠡᠩ  ᠬᠡᠷᠡᠭᠴᠡᠭᠡ ᠲᠠᠢ ᠴᠢᠳᠠᠪᠤᠷᠢᠲᠠᠨ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠢ᠃      ᠲᠣᠰ ᠤᠳᠠᠭᠠᠨ ᠤ ᠰᠦᠨ ᠴᠠᠭᠠᠨ ᠪᠤᠶᠠᠨ ᠤ ᠦᠢᠯᠡᠰ ᠲᠤ ᠨᠡᠶᠢᠲᠡ 70 ᠨᠡᠷ᠎ᠡ ᠬᠠᠯᠠᠭᠤᠨ ᠰᠡᠳᠬᠢᠯᠲᠦ ᠠᠨᠢᠶ᠎ᠠ ᠤᠷᠤᠯᠴᠠᠵᠦ᠂ ᠬᠠᠲᠠᠪᠴᠢ ᠪᠠᠯᠭᠠᠰᠤ ᠨᠢ ᠦᠷᠭᠦᠯᠵᠢᠯᠡᠨ ᠬᠠᠯᠠᠭᠤᠨ ᠰᠡᠳᠬᠢᠯᠲᠦ ᠬᠦᠮᠦᠰ ᠢ ᠳᠠᠶᠢᠴᠢᠯᠠᠨ ᠤᠬᠠᠭᠤᠯᠭ᠎ᠠ ᠪᠠᠨ ᠴᠢᠩᠭᠠᠳᠬᠠᠵᠤ᠂ ᠡᠬᠢ ᠪᠠᠶᠠᠯᠢᠭ ᠢᠶᠠᠨ ᠨᠢᠭᠡᠳᠭᠡᠵᠦ᠂ ᠨᠠᠩ ᠣᠯᠠᠨ ᠨᠡᠶᠢᠭᠡᠮ ᠤᠨ ᠬᠦᠴᠦᠨ ᠢ ᠳᠠᠶᠢᠴᠢᠯᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠳᠤ ᠣᠷᠣᠯᠴᠠᠭᠤᠯᠵᠤ᠂ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠯᠳᠠ ᠪᠠ ᠰᠤᠷᠭᠠᠭᠤᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠬᠠᠶᠢᠷᠠᠯᠠᠨ ᠬᠠᠮᠵᠢᠯᠴᠠᠬᠤ ᠬᠠᠮᠲᠦ ᠶᠢᠨ ᠦᠰᠦᠨ ᠪᠤᠶᠢᠵᠢᠯᠳᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号