ᠵᠡᠭᠦᠨ ᠦᠵᠦᠮᠦᠴᠢᠨ ᠬᠤᠰᠢᠭᠤ ᠣᠯᠠᠨ ᠲᠠᠯ᠎ᠠ ᠠᠴᠠ ᠪᠣᠭᠤᠮᠲᠠ ᠶᠢᠨ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠪᠠᠷ ᠬᠦᠴᠦᠯᠡᠨ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2024/2/27
      ᠨᠢᠭᠡ ᠳᠤ᠂ ᠵᠡᠭᠦᠨ ᠬᠠᠲᠠᠪᠴᠢ ᠪᠣᠭᠤᠮᠲᠠ ᠶᠢᠨ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠨᠡᠪᠲᠡᠷᠡᠯᠴᠡᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠣᠭᠤᠮᠲᠠ ᠠᠵᠤ ᠠᠬᠤᠶᠢᠯᠠᠯ ᠬᠤᠯᠪᠣᠭ᠎ᠠ ᠠᠪᠬᠤ ᠸᠢᠴᠠᠲ ᠎ ᠢᠶᠠᠷ ᠳᠠᠮᠵᠢᠭᠤᠯᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠢ ᠳᠤᠨᠢ ᠰᠠᠨᠠᠭᠤᠯᠵᠤ᠂ ᠡᠯ᠎ᠡ ᠠᠵᠤ ᠠᠬᠤᠶᠢᠯᠠᠯ ᠢ ᠬᠢᠯᠢ ᠠᠯᠤᠰᠯᠠᠭᠰᠠᠨ ᠲᠡᠭᠡᠭᠡᠪᠦᠷᠢ ᠶᠢᠨ ᠵᠢᠯᠣᠭᠤᠴᠢ ᠶᠢᠨ ᠠᠮᠤᠷ ᠲᠦᠪᠰᠢᠨ ᠤ ᠰᠠᠨᠠᠭᠤᠯᠤᠮᠵᠢ ᠶᠢ ᠴᠢᠩᠭᠠᠳᠬᠠᠵᠤ᠂ ᠲᠡᠷᠭᠡ ᠬᠥᠰᠬᠡ ᠶᠢᠨ ᠠᠮᠤᠷ ᠲᠦᠪᠰᠢᠨ ᠤ ᠲᠣᠬᠢᠷᠠᠭᠤᠯᠤᠯᠲᠠ ᠶᠢᠨ ᠲᠥᠬᠦᠭᠡᠷᠦᠮᠵᠢ ᠶᠢ ᠥᠪᠡᠷ ᠢᠶᠠᠨ ᠪᠠᠶᠢᠴᠠᠭᠠᠬᠤ ᠪᠠ ᠲᠡᠷᠭᠡᠨ ᠤ ᠪᠠᠶᠢᠳᠠᠯ ᠢ ᠪᠠᠶᠢᠴᠠᠭᠠᠨ ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠡᠷᠭᠡ ᠬᠥᠰᠬᠡ ᠶᠢᠨ ᠠᠮᠤᠷ ᠲᠦᠪᠰᠢᠨ ᠢᠶᠠᠷ ᠶᠠᠪᠤᠬᠤ ᠶᠢ ᠪᠠᠲᠤᠯᠠᠪᠠ᠃      ᠬᠤᠶᠠᠷ ᠲᠤ᠂ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠠᠯᠠᠪᠤᠷ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠵᠦ᠂ ᠣᠶᠤᠨᠴᠢᠯᠠᠭᠰᠠᠨ ᠲᠠᠯᠠᠪᠤᠷ ᠥᠷᠲᠡᠭᠡ ᠶᠢᠨ ᠰᠢᠰᠲ᠋ᠧᠮ ᠤᠨ ᠬᠡᠷᠡᠭᠯᠡᠯᠲᠡ᠂ ᠬᠠᠢ ᠺᠠᠩ ᠲᠥᠬᠦᠭᠡᠷᠦᠮᠵᠢ ᠪᠠ ᠭᠠᠷ ᠤᠲᠠᠰᠤᠨ ᠤ APP᠎ ᠶᠢᠨ ᠢᠨᠲ᠋ᠧᠷ ᠰᠦᠯᠵᠢᠶ᠎ᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ 24 ᠴᠠᠭ ᠤᠨ ᠬᠠᠷᠠᠭᠠᠨ ᠳᠠᠪᠲᠠᠮᠵᠢ ᠪᠠᠷ ᠠᠯᠤᠰ ᠠᠴᠠ ᠬᠢᠨᠠᠨ ᠡᠵᠡᠮᠳᠡᠬᠦ ᠶᠢ ᠪᠡᠶᠡᠯᠡᠭᠦᠯᠵᠦ᠂ ᠨᠡᠭᠦᠷᠡᠰᠦᠨ ᠤ ᠥᠪᠡᠰᠦᠪᠡᠨ ᠨᠣᠴᠣᠬᠤ ᠳᠠᠯᠳᠠ ᠬᠡᠮ ᠢ ᠠᠷᠢᠯᠭᠠᠪᠠ᠃      ᠭᠤᠷᠪᠠ ᠳᠤ᠂ ᠵᠥᠪ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠳᠠᠭᠠᠳᠤ ᠠᠴᠠ ᠣᠷᠣᠵᠤ ᠢᠷᠡᠬᠦ ᠭᠠᠳᠠᠭᠠᠳᠤ ᠳᠤ ᠭᠠᠷᠬᠤ ᠮᠠᠰᠢᠨ ᠲᠡᠷᠭᠡᠨ ᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠪᠣᠳᠠᠲᠤ ᠪᠠᠷᠠᠭ᠎ᠠ ᠶᠢ ᠬᠢᠨᠠᠨ ᠬᠠᠮᠢᠶᠠᠷᠬᠤ + ᠭᠤᠭᠴᠤᠭ᠎ᠠ ᠶᠢ ᠬᠢᠨᠠᠨ ᠡᠵᠡᠮᠳᠡᠬᠦ︾᠎ ᠶᠢ ᠬᠡᠷᠡᠭᠵᠢᠭᠦᠯᠵᠦ᠂ ︽ᠨᠢᠭᠡ ᠠᠷᠭ᠎ᠠ ᠵᠠᠮ ᠢᠶᠠᠷ ᠪᠠᠶᠢᠴᠠᠭᠠᠨ ᠤᠯᠠᠨ ᠠᠷᠭ᠎ᠠ ᠵᠠᠮ ᠢᠶᠠᠷ ᠬᠠᠮᠲᠤᠪᠠᠷ ᠰᠡᠷᠭᠡᠶᠢᠯᠡᠬᠦ︾ ᠴᠢᠳᠠᠪᠬᠢ ᠶᠢ ᠳᠡᠭᠡᠭᠰᠢᠯᠡᠭᠦᠯᠵᠦ᠂ ᠨᠢᠭᠤᠵᠤ ᠳᠠᠯᠳᠠᠯᠠᠬᠤ ᠵᠡᠷᠭᠡ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠪᠠ᠃      ᠳᠥᠷᠪᠡ ᠳᠤ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢ ᠬᠥᠲᠥᠯᠥᠨ ᠵᠢᠯᠤᠭᠤᠳᠴᠤ ᠲᠣᠭᠲᠠᠭᠤᠨ ᠢᠶᠠᠷ ᠠᠭᠠᠵᠢᠮ ᠶᠠᠪᠤᠵᠤ᠂ ᠢᠨᠵᠧᠨᠧᠷ ᠲᠠᠢ ᠴᠠᠭ ᠲᠤᠬᠠᠢ ᠳᠤᠨᠢ ᠪᠣᠭᠤᠮᠲᠠ ᠶᠢᠨ ᠬᠡᠪ ᠤᠨ ᠪᠤᠰᠤ ᠪᠠᠶᠢᠳᠠᠯ ᠢ ᠣᠶᠢᠯᠠᠭᠠᠨ ᠮᠡᠳᠡᠵᠦ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ  ᠲᠦᠰᠦᠪ ᠢ ᠰᠠᠶᠢᠲᠤᠷ ᠬᠢᠵᠦ᠂ ᠬᠥᠮᠥᠰ ᠢ ᠵᠣᠬᠢᠶᠠᠨ ᠪᠠᠶᠢᠭᠤᠯᠤᠨ ᠪᠣᠭᠤᠮᠲᠠ ᠶᠢᠨ ᠵᠠᠮ ᠤᠨ ᠬᠤᠷᠠᠭᠰᠠᠨ ᠴᠠᠰᠤ ᠶᠢ ᠴᠠᠭ ᠲᠤᠬᠠᠢ ᠳᠤᠨᠢ ᠴᠡᠪᠡᠷᠯᠡᠵᠦ᠂ ᠲᠤᠰᠬᠠᠢ ᠬᠥᠮᠥᠨ ᠲᠣᠬᠢᠷᠠᠭᠤᠯᠤᠨ ᠲᠤᠬᠠᠢ ᠶᠢᠨ ᠲᠠᠯᠠᠪᠤᠷ ᠤᠨ ᠲᠡᠷᠭᠡ ᠬᠥᠰᠬᠡ ᠶᠢᠨ ᠲᠦᠭᠵᠢᠷᠡᠯ ᠢ ᠰᠢᠯᠤᠭᠤᠳᠬᠠᠵᠤ᠂ ᠠᠵᠤ ᠠᠬᠤᠶᠢᠯᠠᠯ ᠤᠨ ᠰᠠᠭᠠᠳ ᠦᠭᠡᠢ ᠪᠣᠭᠤᠮᠲᠠ ᠪᠠᠷ ᠥᠩᠭᠡᠷᠡᠬᠦ ᠳᠤ ᠬᠦᠴᠦ ᠨᠡᠮᠡᠷᠢᠯᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号