ᠪᠣᠭᠳ᠋ᠬᠠᠭᠤᠯᠠ ᠣᠶ ᠰᠢᠭᠤᠢ ᠶᠢᠨ ᠲᠠᠯᠠᠪᠠᠶ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ | ᠬᠤᠰᠢᠭᠤᠨ ᠤ ᠵᠡᠭᠦᠨ ᠬᠤᠶᠢᠲᠤ ᠬᠡᠰᠡᠭ᠂ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ ᠬᠤᠷᠮᠣᠢ ᠳᠤ | ᠪᠠᠶᠢᠷᠢᠯᠠᠵᠤ᠂ ᠬᠤᠰᠢᠭᠤ ᠵᠠᠰᠠᠭ ᠤᠨ ᠣᠷᠳᠣᠨ ᠤ ᠰᠠᠭᠤᠭ᠎ᠠ ᠤᠯᠢᠶᠠᠰᠤᠲᠠᠢ ᠪᠠᠯᠭᠠᠰᠤ ᠠᠴᠠ 340 ᠺᠢᠯᠣᠮᠧᠲᠷ | ᠵᠠᠶᠢᠲᠠᠢ᠂ 303 ᠨᠣᠮᠧᠷᠲᠣ ᠮᠤᠵᠢ ᠶᠢᠨ ᠳᠡᠰ ᠤᠨ ᠵᠠᠰᠠᠮᠠᠯ ᠵᠠᠮ ᠨᠡᠪᠲᠡᠷᠡᠵᠦ ᠪᠠᠶᠢᠨ᠎ᠠ᠃ | 1958 ᠣᠨ ᠤ 3 ᠰᠠᠷ᠎ᠠ ᠳᠤ ᠪᠠᠶᠢᠭᠤᠯᠤᠭᠳᠠᠪᠠ᠃ | 2007 ᠣᠨ ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠲᠢᠩᠬᠢᠮ ᠣᠶ ᠰᠢᠭᠤᠢ | ᠠᠯᠪᠠᠨ ᠲᠠᠷᠬᠠᠭᠠᠭᠰᠠᠨ ﹇2007﹈ 245 ᠲᠣᠭᠠᠲᠤ ᠪᠢᠴᠢᠭ ᠮᠠᠲ᠋ᠧᠷᠢᠶᠠᠯ ᠳᠤ ᠥᠪᠡᠷᠲᠡᠭᠡᠨ ᠵᠠᠰᠠᠬᠤ ᠣᠷᠣᠨ ᠤ | ᠲᠠᠰ ᠤᠨ ᠣᠶ ᠰᠢᠭᠤᠢ ᠶᠢᠨ ᠴᠡᠴᠡᠷᠯᠢᠭ ᠪᠣᠯᠭᠠᠨ ᠪᠠᠶᠢᠭᠤᠯᠬᠤ ᠶᠢ ᠵᠥᠪᠰᠢᠶᠡᠷᠡᠪᠡ︔ 2010 ᠣᠨ ᠤ 9 ᠰᠠᠷ᠎ᠠ ᠳᠤ | ᠤᠯᠤᠰ ᠤᠨ ᠣᠶ ᠰᠢᠭᠤᠢ ᠶᠢᠨ ᠲᠣᠪᠴᠢᠶ᠎ᠠ ᠶᠢᠨ ᠣᠶ ᠰᠢᠭᠤᠢ ᠶᠢᠨ ᠲᠠᠯᠠᠪᠠᠶ ᠶᠢᠨ ᠵᠦᠪᠰᠢᠶᠡᠷᠡᠯ ︵2010︶ | 1329 ᠲᠣᠭᠠᠲᠤ ᠪᠢᠴᠢᠭ ᠮᠠᠲ᠋ᠧᠷᠢᠶᠠᠯ ᠤᠨ ᠵᠥᠪᠰᠢᠶᠡᠷᠡᠯ ᠢᠶᠠᠷ ᠤᠯᠤᠰ ᠤᠨ ᠲᠠᠰ ᠤᠨ ᠣᠶ ᠰᠢᠭᠤᠢ ᠶᠢᠨ | ᠴᠡᠴᠡᠷᠯᠢᠭ ᠪᠣᠯᠭᠠᠵᠤ᠂ ︽ᠥᠪᠥᠷ ᠮᠣᠩᠭᠤᠯ ᠤᠨ ᠪᠣᠭᠳ᠋ᠬᠠᠭᠤᠯᠠ ᠤᠯᠤᠰ ᠤᠨ ᠳᠡᠰ ᠤᠨ ᠣᠶ ᠰᠢᠭᠤᠢ ᠶᠢᠨ | ᠴᠡᠴᠡᠷᠯᠢᠭ︾ ᠭᠡᠵᠦ ᠨᠡᠷᠡᠶᠢᠳᠪᠡ᠂ ᠴᠡᠴᠡᠷᠯᠢᠭ ᠤᠨ ᠲᠠᠯᠠᠪᠠᠶ ᠨᠢ 29652.8 ᠾᠧᠺᠲ᠋ᠠᠷ ᠪᠣᠯᠣᠨ᠎ᠠ᠃ | 1958 ᠣᠨ ᠤ 3 ᠰᠠᠷ᠎ᠠ ᠳᠤ ᠤᠢ ᠰᠢᠭᠤᠢ ᠶᠢᠨ ᠲᠠᠯᠠᠪᠠᠢ ᠪᠠᠶᠢᠭᠤᠯᠤᠭᠳᠠᠵᠤ᠂ ᠤᠢ ᠰᠢᠭᠤᠢ ᠶᠢᠨ | ᠲᠠᠯᠠᠪᠠᠢ ᠳᠤ ᠪᠣᠭᠳ᠋ᠬᠠᠭᠤᠯᠠ ︵ᠰᠠᠭᠤᠭᠠᠯᠢ ᠠᠷᠠᠳ ᠤᠨ ᠳᠤᠭᠤᠶᠢᠯᠠᠩ︶᠂ ᠬᠠᠶᠢᠯᠠᠰᠤᠲᠠᠢ ︵ᠰᠠᠭᠤᠭᠠᠯᠢ | ᠠᠷᠠᠳ ᠤᠨ ᠳᠤᠭᠤᠶᠢᠯᠠᠩ︶᠂ ᠤᠯᠠᠭᠠᠨᠬᠠᠳᠠ ︵ᠤᠢ ᠰᠢᠭᠤᠢ ᠡᠵᠡᠩᠨᠡᠵᠦ ᠪᠠᠶᠢᠭ᠎ᠠ ᠲᠤᠭᠤᠷᠢᠭ︶ ᠵᠡᠷᠭᠡ 3 | ᠬᠤᠪᠢᠶᠠᠷᠢ ᠲᠠᠯᠠᠪᠠᠢ ︵ᠬᠠᠶᠢᠯᠠᠰᠤᠲᠠᠢ ᠰᠠᠭᠤᠭᠠᠯᠢ ᠠᠷᠠᠳ ᠤᠨ ᠳᠤᠭᠤᠶᠢᠯᠠᠩ ᠪᠠ ᠪᠣᠭᠳ᠋ᠬᠠᠭᠤᠯᠠ ᠰᠠᠭᠤᠭᠠᠯᠢ | ᠠᠷᠠᠳ ᠤᠨ ᠳᠤᠭᠤᠶᠢᠯᠠᠩ ᠨᠢ ᠮᠠᠨᠳᠤᠬᠤᠪᠤᠯᠠᠭ ᠪᠠᠯᠭᠠᠰᠤ ᠶᠢᠨ ᠮᠠᠨᠳᠤᠬᠤᠪᠤᠯᠠᠭ ᠪᠠᠯᠭᠠᠰᠤᠨ ᠤ ᠳᠡᠭᠦᠯᠢᠴᠢ ᠨᠡᠶᠢᠭᠡᠮ | ᠲᠤᠭᠤᠷᠢᠭ ᠤᠨ ᠳᠤᠤᠷ᠎ᠠ ᠪᠤᠢ︶ ᠲᠠᠢ ᠪᠠᠶᠢᠵᠤ᠂ ᠬᠢᠯᠢ ᠶᠢᠨ ᠭᠠᠯ ᠰᠡᠷᠭᠡᠶᠢᠯᠡᠬᠦ ᠵᠠᠮ 60 ᠺᠢᠯᠤᠮᠧᠲᠷ᠂ ᠤᠢ ᠶᠢᠨ | ᠵᠠᠬ᠎ᠠ ᠶᠢᠨ ᠭᠠᠯ ᠰᠡᠷᠭᠡᠶᠢᠯᠡᠬᠦ ᠵᠠᠮ 80 ᠺᠢᠯᠤᠮᠧᠲᠷ᠃ | ᠪᠣᠭᠳ᠋ᠬᠠᠭᠤᠯᠠ ᠤᠢ ᠰᠢᠭᠤᠢ ᠶᠢᠨ ᠲᠠᠯᠠᠪᠠᠢ ᠶᠢᠨ ᠵᠡᠭᠦᠨᠰᠢ ᠪᠠᠨ ᠬᠢᠩᠭᠠᠨ ᠠᠶᠢᠮᠠᠭ ᠤᠨ ᠦ᠋ ᠴᠠ ᠭᠧᠦ ᠤᠢ | ᠰᠢᠭᠤᠢ ᠶᠢᠨ ᠲᠣᠪᠴᠢᠶ᠎ᠠ ᠲᠠᠢ ᠬᠥᠷᠰᠢᠯᠡᠵᠦ᠂ ᠡᠮᠦᠨᠡᠰᠢ ᠪᠠᠨ ᠤᠯᠠᠭᠠᠢ ᠨᠡᠭᠡᠭᠡᠯᠲᠡ ᠶᠢᠨ ᠣᠷᠤᠨ ᠲᠠᠢ ᠵᠠᠯᠭᠠᠯᠳᠤᠵᠤ᠂ | ᠪᠠᠷᠠᠭᠤᠨᠰᠢ ᠪᠠᠨ ᠮᠠᠨᠳᠤᠬᠤᠪᠤᠯᠠᠭ ᠪᠠᠯᠭᠠᠰᠤ ᠲᠠᠢ ᠵᠠᠯᠭᠠᠯᠳᠤᠵᠤ᠂ ᠤᠮᠠᠷᠠᠰᠢ ᠪᠠᠨ ᠮᠣᠩᠭᠤᠯ ᠤᠯᠤᠰ ᠲᠠᠢ ᠬᠢᠯᠢ | ᠨᠡᠶᠢᠯᠡᠵᠦ ᠪᠤᠢ᠃ | ᠪᠣᠭᠳ᠋ᠬᠠᠭᠤᠯᠠ ᠣᠶ ᠰᠢᠭᠤᠢ ᠶᠢᠨ ᠲᠠᠯᠠᠪᠠᠶ ᠨᠢ ᠣᠶ ᠰᠢᠭᠤᠢ ᠠᠴᠠ ᠨᠤᠲᠤᠭ ᠪᠡᠯᠴᠢᠭᠡᠷ ᠵᠦᠭ ᠰᠢᠯᠵᠢᠬᠦ | ᠣᠷᠣᠨ ᠪᠦᠰᠡ ᠳᠤ ᠣᠷᠣᠰᠢᠵᠤ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠨᠢ ᠭᠤᠣᠯᠯᠠᠬᠤ ᠪᠠᠶᠢᠷᠢ ᠶᠢ | ᠡᠵᠡᠯᠡᠵᠦ᠂ ᠬᠢᠯᠢ ᠶᠢᠨ ᠳᠣᠲᠣᠷᠠᠬᠢ ᠭᠤᠣᠯ ᠪᠣᠯᠬᠤ ᠪᠠᠶᠢᠭᠠᠯᠢᠯᠢᠭ ᠲᠤᠷᠤᠭ ᠮᠣᠳᠣᠨ ᠳᠤ ᠬᠠᠷ᠎ᠠ ᠬᠤᠰᠤ᠂ ᠴᠠᠭᠠᠨ | ᠬᠤᠰᠤ᠂ ᠠᠭᠤᠯᠠᠨ ᠤᠯᠢᠶᠠᠰᠤ ᠵᠡᠷᠭᠡ ᠪᠣᠶ᠃ | ᠪᠣᠭᠳ᠋ᠬᠠᠭᠤᠯᠠ ᠣᠶ ᠰᠢᠭᠤᠢ ᠶᠢᠨ ᠲᠠᠯᠠᠪᠠᠶ ᠶᠢᠨ ᠪᠥᠬᠦ ᠲᠠᠯᠠᠪᠠᠶ ᠨᠢ 119.3 ᠲᠦᠮᠡᠨ ᠮᠦ ᠪᠠᠶᠢᠵᠤ᠂ | ᠡᠭᠦᠨ ᠳᠤ ᠣᠶ ᠰᠢᠭᠤᠢ ᠳᠤ ᠬᠡᠷᠡᠭᠯᠡᠬᠦ ᠭᠠᠵᠠᠷ ᠨᠢ 102.5 ᠲᠦᠮᠡᠨ ᠮᠦ ᠪᠠᠶᠢᠵᠤ᠂ ᠪᠥᠬᠦ ᠲᠠᠯᠠᠪᠠᠶ ᠶᠢᠨ 86% | ᠶᠢ ᠡᠵᠡᠯᠡᠵᠦ᠂ ᠣᠶᠢᠲᠤ ᠭᠠᠵᠠᠷ ᠤᠨ ᠲᠠᠯᠠᠪᠠᠶ ᠨᠢ 30.4 ᠲᠦᠮᠡᠨ ᠮᠦ ᠪᠠᠶᠢᠵᠤ᠂ ᠣᠶ ᠰᠢᠭᠤᠢ ᠶᠢᠨ ᠶᠡᠷᠦᠩᠬᠡᠢ | ᠬᠠᠳᠠᠭᠠᠯᠠᠭᠳᠠᠴᠠ ᠶᠢᠨ ᠬᠡᠮᠵᠢᠶ᠎ᠡ ᠨᠢ 143.4 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠣᠶ | ᠰᠢᠭᠤᠢ ᠶᠢᠨ ᠪᠦᠷᠬᠦᠭᠳᠡᠭᠰᠡᠨ ᠨᠣᠷᠮ᠎ᠠ ᠨᠢ 26.5% ᠪᠣᠯᠣᠨ᠎ᠠ᠃ ᠤᠯᠤᠰ ᠤᠨ ᠭᠤᠣᠯᠳᠠᠯᠭ᠎ᠠ ᠲᠠᠢ ᠨᠡᠶᠢᠲᠡ ᠶᠢᠨ | ᠠᠰᠠᠷᠠᠮᠵᠢ ᠶᠢᠨ ᠣᠶ 28.57 ᠲᠦᠮᠡᠨ ᠮᠦ ᠪᠠᠶᠢᠨ᠎ᠠ᠃ | 2013 ᠣᠨ ᠤ ᠡᠴᠦᠰ ᠲᠤ ᠬᠠᠷᠢᠶ᠎ᠠ ᠣᠷᠣᠨ ᠤ ᠶᠡᠷᠦᠩᠬᠡᠢ ᠬᠥᠮᠥᠨ ᠠᠮᠠ 522 ᠬᠥᠮᠥᠨ ᠪᠠᠶᠢᠪᠠ᠂ | ᠡᠭᠦᠨ ᠤ ᠳᠣᠲᠣᠷ᠎ᠠ ᠡᠷᠡᠭᠲᠡᠢ 278 ᠬᠥᠮᠥᠨ ᠪᠠᠶᠢᠵᠤ᠂ ᠶᠡᠷᠦᠩᠬᠡᠢ ᠬᠥᠮᠥᠨ ᠠᠮᠠ ᠶᠢᠨ 53% ᠶᠢ ᠡᠵᠡᠯᠡᠵᠦ᠂ | ᠡᠮᠡᠭᠲᠡᠢ 244 ᠬᠥᠮᠥᠨ ᠪᠠᠶᠢᠵᠤ᠂ ᠶᠡᠷᠦᠩᠬᠡᠢ ᠬᠥᠮᠥᠨ ᠠᠮᠠ ᠶᠢᠨ 47% ᠶᠢ ᠡᠵᠡᠯᠡᠪᠡ᠃ ᠡᠭᠦᠨ ᠳᠤ ᠬᠢᠲᠠᠳ | ᠦᠨᠳᠦᠰᠦᠲᠡᠨ 207 ᠬᠥᠮᠥᠨ ᠪᠠᠶᠢᠵᠤ᠂ ᠪᠥᠬᠦ ᠬᠥᠮᠥᠨ ᠠᠮᠠ ᠶᠢᠨ 39.7% ᠶᠢ ᠡᠵᠡᠯᠡᠵᠦ᠂ ᠮᠣᠩᠭᠤᠯ | ᠦᠨᠳᠦᠰᠦᠲᠡᠨ 312 ᠬᠥᠮᠥᠨ ᠪᠠᠶᠢᠵᠤ᠂ ᠪᠥᠬᠦ ᠬᠥᠮᠥᠨ ᠠᠮᠠ ᠶᠢᠨ 59.8% ᠶᠢ ᠡᠵᠡᠯᠡᠵᠦ᠂ ᠪᠤᠰᠤᠳ | ᠦᠨᠳᠦᠰᠦᠲᠡᠨ 3 ᠬᠥᠮᠥᠨ ᠪᠠᠶᠢᠵᠤ᠂ ᠪᠥᠬᠦ ᠬᠥᠮᠥᠨ ᠠᠮᠠ ᠶᠢᠨ 0.5% ᠶᠢ ᠡᠵᠡᠯᠡᠨ᠎ᠡ᠃ |