ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/27
      ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂  ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠤᠨ ᠲᠣᠭᠤᠷᠢᠨ ᠳᠤ᠂ ︽ᠬᠤᠶᠠᠷ ᠡᠷᠡᠭᠦᠯ ᠮᠡᠨᠳᠦ︾ ᠶᠢᠨ ᠭᠤᠤᠯ ᠰᠡᠳᠦᠪ ᠢ ᠴᠢᠩᠭ᠎ᠠ ᠡᠵᠡᠮᠳᠡᠵᠦ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠥᠭᠦᠷᠭᠡ ᠬᠤᠯᠪᠣᠭᠠᠰᠤ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ 1 ᠰᠠᠷ᠎ᠠ ᠶᠢᠨ 19 ᠤ ᠡᠳᠦᠷ᠂ ᠮᠠᠨ ᠤ ᠬᠤᠰᠢᠭᠤᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠥᠩᠭᠦᠨ ᠭᠦᠶᠯᠭᠡᠭᠡᠨ ᠤ ᠠᠯᠪᠠᠨ ᠬᠡᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠳᠠᠨ ᠠᠴᠠ ᠲᠤᠬᠠᠢ ᠶᠢᠨ ᠰᠢᠰᠲ᠋ᠧᠮ ᠤᠨ ᠢᠶᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠡᠳᠬᠦᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ ᠬᠢᠭᠰᠡᠨ ᠤ ᠬᠠᠮᠲᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠦᠯᠦᠭᠡᠯᠡᠭᠴᠢ ᠶᠢᠨ ᠳᠤᠷᠠᠳᠤᠭᠰᠠᠨ ᠮᠥᠩᠭᠦᠨ ᠭᠦᠶᠯᠭᠡᠭᠡ᠂ ᠡᠳ᠋ ᠤᠨ ᠵᠠᠰᠠᠭ᠂ ᠭᠠᠶᠢᠯᠢ ᠲᠠᠲᠠᠪᠤᠷᠢ ᠵᠡᠷᠭᠡ ᠠᠰᠠᠭᠤᠳᠠᠯ ᠳᠤ ᠴᠢᠭᠯᠡᠭᠦᠯᠦᠨ ᠲᠣᠰ ᠲᠣᠰ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ ᠨᠠᠷᠢᠨ ᠲᠠᠶᠢᠯᠤᠮᠵᠢ ᠬᠢᠪᠠ᠃      ᠬᠤᠷᠠᠯ ᠠᠴᠠ ᠵᠢᠭᠠᠬᠤ ᠳᠠᠭᠠᠨ᠂ ᠲᠤᠰ ᠤᠳᠠᠭ᠎ᠠ ᠶᠢᠨ ᠵᠠᠰᠠᠭ ᠠᠵᠤ ᠠᠬᠤᠶᠢᠯᠠᠯ ᠢ ᠵᠣᠯᠭᠠᠭᠤᠯᠬᠤ ᠬᠤᠷᠠᠯ  ᠤᠨ ᠵᠣᠷᠢᠯᠲᠠ ᠪᠣᠯ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠪᠣᠯᠤᠨ ᠵᠠᠰᠠᠭ ᠤᠨ ᠣᠷᠳᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠬᠤ ᠪᠠ ᠵᠠᠰᠠᠭ ᠤᠨ ᠣᠷᠳᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠬᠠᠮᠢᠶᠠᠷᠴᠤ ᠦᠢᠯᠡᠴᠢᠯᠡᠬᠦ ᠬᠠᠪᠰᠤᠷᠤᠭᠴᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠰᠡᠳᠬᠢᠯ ᠤᠨ ᠦᠭᠡ ᠶᠢ ᠰᠣᠨᠣᠰᠬᠤ᠂ ᠠᠵᠤ ᠠᠬᠤᠶᠢᠯᠠᠯ ᠤᠨ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠬᠦ᠂ ᠠᠵᠤ ᠠᠬᠤᠶᠢᠯᠠᠯ ᠤᠨ ᠬᠦᠴᠢᠷᠳᠡᠯ ᠢ ᠲᠠᠶᠢᠯᠪᠤᠷᠢᠯᠠᠬᠤ ᠪᠠᠷ ᠳᠠᠮᠵᠢᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ  ᠳᠤ ᠠᠰᠢᠭᠲᠠᠢ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠶᠢᠨ ᠲᠥᠯᠥᠭᠡ ᠶᠤᠮ ᠭᠡᠵᠡᠢ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ ᠶᠢ ᠬᠢᠪᠡᠰᠦ ᠵᠣᠬᠢᠬᠤ ᠠᠵᠢᠯ ᠢᠶᠠᠨ ᠪᠣᠯᠭᠠᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠦᠴᠦ  ᠪᠠᠨ ᠬᠠᠮᠲᠤᠳᠬᠠᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠠᠮᠢᠨ ᠰᠤᠳᠠᠰᠤ  ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠮᠠᠨ ᠤ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠰᠤᠷᠠᠯᠲᠠ ᠥᠬᠡᠶ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠪᠡ  ᠃    ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠸᠧᠶ ᠹᠧᠩ ᠼᠠᠢ ᠶᠢ ᠤᠷᠢᠵᠤ ᠪᠤᠯᠪᠠᠰᠤᠷᠠᠯ ᠬᠦᠷᠲᠡᠭᠡᠵᠡᠢ  ᠃    ᠬᠤᠰᠢᠭᠤ ᠬᠤᠯᠪᠤᠭᠳᠠᠯ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠳᠠᠨ ᠵᠢᠴᠢ ᠡᠯ᠎ᠡ ᠬᠤᠳᠠᠯᠳᠤᠭᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ᠂ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯᠲᠠᠨ᠂ ᠬᠤᠰᠢᠭᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠤᠳᠤᠷᠢᠳᠬᠤ ᠪᠠᠭ᠂ ᠬᠤᠳᠠᠯᠳᠤᠭᠠᠨ ᠤ ᠶᠡᠷᠦᠩᠬᠡᠶ ᠡᠪᠯᠡᠯ ᠤᠨ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠪᠣᠯᠤᠨ ᠦᠶᠯᠡᠳᠪᠦᠷᠢ ᠬᠤᠳᠠᠯᠳᠤᠭᠠᠨ ᠤ ᠬᠤᠯᠪᠣᠭ᠎ᠠ  ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号