ᠮᠠᠨ ᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ 2023 ᠣᠨ ᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/27
      1 ᠰᠠᠷ᠎ᠠ ᠶᠢᠨ 26 ᠤ ᠡᠳᠦᠷ᠂  ᠮᠠᠨ ᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ 2023 ᠣᠨ ᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠠᠢ᠃ ᠬᠤᠰᠢᠭᠤ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠡᠭᠦᠨ ᠦᠵᠦᠮᠦᠴᠢᠨ ᠤ ᠪᠠᠶᠢᠴᠠᠭᠠᠯᠲᠠ ᠶᠢᠨ ᠠᠩᠭᠢ ᠶᠢᠨ ᠰᠣᠨᠢᠨ ᠮᠡᠳᠡᠭᠡᠨ ᠤ ᠥᠭᠦᠯᠡᠭᠴᠢ ᠠᠴᠠ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ  ᠶᠢᠨ ᠠᠰᠠᠭᠤᠯᠲᠠ ᠶᠢ ᠬᠠᠷᠢᠭᠤᠯᠪᠠ᠃      2023 ᠣᠨ ᠳᠤ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠡᠭᠡᠳᠦ ᠱᠠᠲᠤᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠪᠥᠬᠦ ᠬᠦᠴᠦᠨ ᠢᠶᠠᠷ  ᠢᠶᠠᠨ ᠠᠵᠤ ᠠᠬᠤᠶ ᠪᠠᠨ ᠬᠥᠭᠵᠢᠭᠦᠯᠵᠦ᠂ ᠡᠷᠴᠢ ᠵᠣᠷᠢᠭ ᠢᠶᠠᠨ ᠬᠥᠪᠴᠢᠯᠡᠨ ᠬᠥᠭᠵᠢᠯᠲᠡ ᠶᠢ ᠠᠬᠢᠭᠤᠯᠵᠤ᠂ ᠦᠶᠯᠡᠳᠪᠦᠷᠢᠯᠡᠯ ᠬᠠᠩᠭᠠᠯᠭ᠎ᠠ ᠲᠣᠭᠲᠠᠭᠤᠨ ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠠᠯᠬᠤᠮ ᠠᠯᠬᠤᠮ ᠢᠶᠠᠷ ᠰᠡᠷᠭᠦᠵᠦ᠂ ᠶᠠᠰᠤ ᠴᠢᠨᠠᠷ ᠦᠷ᠎ᠡ ᠠᠰᠢᠭ ᠲᠠᠰᠤᠷᠠᠯᠲᠠ ᠥᠬᠡᠶ ᠳᠡᠭᠡᠭᠰᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠪᠦᠲᠦᠮᠵᠢᠲᠡᠶ ᠰᠠᠶᠢᠵᠢᠷᠠᠵᠤ᠂ ᠠᠵᠤ ᠠᠬᠤᠶ ᠶᠢᠨ ᠠᠵᠢᠯᠯᠠᠭᠠᠨ ᠳᠤ ᠶᠡᠷᠦᠩᠬᠡᠶ ᠳᠡᠭᠡᠨ ᠲᠣᠭᠲᠠᠭᠤᠨ ᠪᠠᠶᠢᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠯᠡᠷᠡᠪᠡ᠃      2023 ᠣᠨ ᠤ ᠪᠥᠬᠦ ᠬᠤᠰᠢᠭᠤᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 76.14 ᠳ᠋ᠦᠩᠰᠢᠭᠤᠷ ᠲᠥᠭᠦᠷᠢᠭ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ       24.53 ᠳ᠋ᠦᠩᠰᠢᠭᠤᠷ ᠲᠥᠭᠦᠷᠢᠭ ᠲᠤ ᠬᠦᠷᠴᠦ᠂ 7.8% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 27.91ᠳ᠋ᠦᠩᠰᠢᠭᠤᠷ ᠲᠥᠭᠦᠷᠢᠭ ᠲᠤ ᠬᠦᠷᠴᠦ᠂ 5.2% ᠪᠠᠷ ᠨᠡᠮᠡᠭᠳᠡᠵᠡᠢ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 23.70 ᠳ᠋ᠦᠩᠰᠢᠭᠤᠷ ᠲᠥᠭᠦᠷᠢᠭ ᠲᠤ  ᠬᠦᠷᠴᠦ᠂ 5.5% ᠪᠠᠷ ᠨᠡᠮᠡᠭᠳᠡᠵᠡᠢ᠃      ᠨᠢᠭᠡ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠤᠷᠪᠠᠨ ᠠᠵᠤ ᠦᠢᠯᠡᠰ ᠦᠷᠭᠦᠯᠵᠢᠯᠡᠨ ᠰᠠᠶᠢᠵᠢᠷᠠᠪᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠶᠯᠡᠳᠬᠦᠨ ᠤ ᠥᠷᠲᠡᠭ 42 ᠳ᠋ᠦᠩᠰᠢᠭᠤᠷ ᠲᠥᠭᠦᠷᠢᠭ ᠢ ᠳᠠᠪᠠᠵᠤ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.7 % ᠪᠠᠷ ᠨᠡᠮᠡᠭᠳᠡᠵᠦ᠂ 1.2 ᠵᠠᠭᠤᠨ ᠤ ᠨᠢᠭᠡᠴᠢ ᠳᠡᠭᠡᠭᠰᠢᠯᠡᠪᠡ᠃ ᠮᠠᠯᠵᠢᠯ ᠤᠨ ᠵᠢᠯ ᠤᠨ ᠮᠢᠬᠠᠨ ᠤ ᠦᠬᠡᠷ 30.09 ᠲᠦᠮᠡᠨ ᠲᠣᠯᠣᠭᠠᠢ ᠳᠤ ᠬᠦᠷᠴᠦ᠂       44.0 % ᠪᠠᠷ ᠨᠡᠮᠡᠭᠳᠡᠪᠡ᠃  ᠮᠢᠬᠠᠨ ᠤ ᠬᠤᠨᠢ 322.70 ᠲᠦᠮᠡᠨ ᠲᠣᠯᠣᠭᠠᠢ ᠳᠤ ᠬᠦᠷᠴᠦ᠂ 22.9 %  ᠪᠠᠷ ᠨᠡᠮᠡᠭᠳᠡᠪᠡ᠃ ᠮᠠᠯ ᠤᠨ ᠭᠠᠷᠭᠠᠯᠲᠠ 150.6 ᠲᠦᠮᠡ ᠳᠤ ᠬᠦᠷᠴᠦ᠂ 16.9 % ᠪᠠᠷ  ᠨᠡᠮᠡᠭᠳᠡᠵᠡᠢ  ᠃      ᠠᠵᠤ ᠦᠶᠯᠡᠳᠪᠦᠷᠢ ᠶᠢᠨ ᠦᠶᠯᠡᠳᠪᠦᠷᠢᠯᠡᠯ ᠲᠣᠭᠲᠠᠭᠤᠨ ᠤ ᠳᠤᠮᠳᠠ ᠰᠠᠶᠢᠵᠢᠷᠠᠵᠤ᠂ ᠪᠥᠬᠦ ᠵᠢᠯ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ  ᠤ ᠬᠢ ᠠᠴᠠ 7.7 % ᠪᠠᠷ ᠨᠡᠮᠡᠭᠳᠡᠪᠡ᠃ ᠭᠤᠤᠯ ᠪᠦᠲᠦᠭᠡᠭᠳᠡᠬᠦᠨ ᠠᠴᠠ ᠦᠵᠡᠪᠡᠯ᠂ ᠬᠦᠶᠲᠡᠨ ᠰᠣᠷᠭᠤᠭ ᠮᠢᠬᠠᠨ  ᠤ ᠭᠠᠷᠤᠯᠲᠠ 1.32 ᠲᠦᠮᠡᠨ ᠲᠣᠨ ᠳᠤ ᠬᠦᠷᠴᠦ᠂ 23.2 % ᠢᠶᠠᠷ ᠨᠡᠮᠡᠭᠳᠡᠪᠡ᠃ ᠬᠠᠷ᠎ᠠ ᠲᠤᠭᠤᠯᠭᠠᠨ ᠲᠡᠮᠦᠷᠯᠢᠭ ᠤᠨ ᠭᠠᠷᠤᠯᠲᠠ 209 ᠲᠦᠮᠡᠨ ᠲᠣᠨ ᠳᠤ ᠬᠦᠷᠴᠦ᠂ 565 % ᠪᠠᠷ ᠨᠡᠮᠡᠭᠳᠡᠪᠡ᠃ ᠲᠡᠮᠦᠷ ᠤᠨ ᠨᠠᠷᠢᠯᠢᠭ ᠨᠤᠨᠲᠠᠭ ᠤᠨ ᠭᠠᠷᠤᠯᠲᠠ 34.45 ᠲᠦᠮᠡᠨ ᠲᠣᠨ ᠳᠤ ᠬᠦᠷᠴᠦ᠂ 2.1 % ᠪᠠᠷ ᠪᠠᠭᠤᠷᠠᠪᠠ᠃ ᠴᠠᠶᠢᠷ  ᠤᠨ ᠲᠡᠮᠦᠷᠯᠢᠭ ᠤᠨ ᠭᠠᠷᠤᠯᠲᠠ 5.52 ᠲᠦᠮᠡᠨ ᠲᠣᠨ ᠳᠤ ᠬᠦᠷᠴᠦ᠂ 3.9 % ᠪᠠᠷ ᠪᠠᠭᠤᠷᠠᠵᠤ᠂ ᠨᠡᠭᠦᠷᠡᠰᠦᠨ ᠤ ᠭᠠᠷᠤᠯᠲᠠ 113 ᠲᠦᠮᠡᠨ ᠲᠣᠨ ᠳᠤ ᠬᠦᠷᠴᠦ᠂ 5.56 % ᠪᠠᠷ ᠪᠠᠭᠤᠷᠠᠪᠠ᠃      ᠦᠢᠯᠡᠴᠢᠯᠡᠭᠡᠨ ᠤ ᠦᠢᠯᠡᠰ ᠤᠨ ᠨᠡᠮᠡᠭᠳᠡᠯ ᠲᠣᠭᠲᠠᠭᠤᠨ ᠪᠠᠶᠢᠵᠤ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ 19.0 % ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ 7.6 % ᠨᠡᠮᠡᠭᠳᠡᠵᠦ᠂ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠦᠢᠯᠡᠰ 8.1 % ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ 10.4 % ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 13.95 ᠳ᠋ᠦᠩᠰᠢᠭᠤᠷ ᠲᠥᠭᠦᠷᠢᠭ ᠲᠤ ᠬᠦᠷᠴᠦ᠂ 7.3 %  ᠪᠠᠷ ᠪᠠᠭᠤᠷᠠᠵᠤ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ 1.38 ᠳ᠋ᠦᠩᠰᠢᠭᠤᠷ ᠲᠥᠭᠦᠷᠢᠭ ᠲᠤ ᠬᠦᠷᠴᠦ᠂ 27.7 % ᠪᠠᠷ ᠪᠠᠭᠤᠷᠠᠪᠠ᠃      ᠬᠤᠶᠠᠷ᠂ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠵᠦ᠂ ᠪᠠᠯᠠ ᠣᠷᠣᠭᠤᠯᠤᠯᠲᠠ ᠪᠠ ᠬᠡᠷᠡᠭᠯᠡᠭᠡ ᠲᠣᠭᠲᠠᠭᠤᠨ  ᠢᠶᠠᠷ ᠳᠡᠭᠡᠭᠰᠢᠯᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.1 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠳᠣᠯᠣᠳᠤᠭᠠᠷ ᠲᠤ ᠵᠢᠭᠰᠠᠭᠠᠭᠳᠠᠪᠠ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠪᠠᠯᠠ ᠣᠷᠣᠭᠤᠯᠤᠯᠲᠠ 82.2 % ᠢᠶᠠᠷ ᠪᠠᠭᠤᠷᠠᠵᠤ᠂ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 6.3% ᠪᠠᠷ ᠨᠡᠮᠡᠭᠳᠡᠵᠦ᠂ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 3.2% ᠢᠶᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠴᠠᠬᠢᠯᠭᠠᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠤᠨ ᠦᠶᠯᠡᠰ ᠤᠨ ᠪᠠᠯᠠ ᠣᠷᠣᠭᠤᠯᠤᠯᠲᠠ 48.3 % ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠦᠳᠠᠨ ᠤ ᠦᠶᠯᠡᠰ 0.2 % ᠢᠶᠠᠷ ᠪᠠᠭᠤᠷᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 2.0 % ᠢᠶᠠᠷ ᠨᠡᠮᠡᠭᠳᠡᠵᠦ᠂ ᠨᠡᠶᠢᠭᠡᠮ ᠤᠨ ᠬᠦᠷᠢᠶᠡᠨ ᠳᠠᠬᠢ ᠪᠠᠯᠠ ᠣᠷᠣᠭᠤᠯᠤᠯᠲᠠ 160 % ᠪᠠᠷ ᠨᠡᠮᠡᠭᠳᠡᠪᠡ᠃ ᠪᠦᠬᠦ ᠬᠤᠰᠢᠭᠤᠨ ᠤ ᠲᠠᠸᠠᠷ ᠤᠨ ᠣᠷᠣᠨ ᠰᠠᠭᠤᠴᠠ ᠶᠢ ᠪᠣᠷᠣᠯᠠᠭᠤᠯᠤᠭᠰᠠᠨ ᠲᠠᠯᠠᠪᠠᠢ 2.06 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 11.4 % ᠪᠠᠷ ᠨᠡᠮᠡᠭᠳᠡᠪᠡ᠃ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠬᠡᠮᠵᠢᠶ᠎ᠡ 0.76 ᠳ᠋ᠦᠩᠰᠢᠭᠤᠷ ᠲᠥᠭᠦᠷᠢᠭ ᠲᠤ ᠬᠦᠷᠴᠦ᠂ 122.0 % ᠢᠶᠠᠷ       ᠨᠡᠮᠡᠭᠳᠡᠵᠡᠢ᠃      ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠦᠷᠭᠡᠨ ᠰᠡᠷᠭᠦᠵᠦ᠂ ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠤᠷᠤᠯᠠᠭᠤᠯᠤᠭᠰᠠᠨ ᠪᠥᠬᠦ ᠲᠤᠭ᠎ᠠ 11.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3 % ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 7.61 ᠳ᠋ᠦᠩᠰᠢᠭᠤᠷ ᠲᠥᠭᠦᠷᠢᠭ ᠲᠤ ᠬᠦᠷᠴᠦ᠂ 4.4 % ᠪᠠᠷ ᠨᠡᠮᠡᠭᠳᠡᠨ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ  ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 3.73 ᠳ᠋ᠦᠩᠰᠢᠭᠤᠷ ᠲᠥᠭᠦᠷᠢᠭ ᠲᠤ ᠬᠦᠷᠴᠦ᠂ 4.2 % ᠢᠶᠠᠷ ᠨᠡᠮᠡᠭᠳᠡᠵᠡᠢ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ ᠶᠢ       7.48 ᠳ᠋ᠦᠩᠰᠢᠭᠤᠷ ᠲᠥᠭᠦᠷᠢᠭ ᠲᠤ  ᠬᠦᠷᠴᠦ᠂ 2.6 % ᠪᠠᠷ ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ        3.86 ᠳ᠋ᠦᠩᠰᠢᠭᠤᠷ ᠲᠥᠭᠦᠷᠢᠭ ᠲᠤ ᠬᠦᠷᠴᠦ᠂ 7.7 % ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠨᠢᠭᠡᠴᠢ ᠡᠳᠦᠷ ᠲᠤᠲᠤᠮ ᠤᠨ ᠬᠡᠷᠡᠭᠰᠡᠯ ᠤᠨ ᠲᠥᠷᠥᠯ ᠪᠠ ᠠᠮᠤ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ ᠲᠣᠰ ᠲᠣᠰ 95.4 % ᠪᠠ 55.5 %  ᠨᠡᠮᠡᠭᠳᠡᠵᠡᠢ  ᠃      ᠭᠤᠷᠪᠠ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠵᠡᠷᠭᠡᠪᠡᠷ ᠳᠡᠭᠡᠭᠰᠢᠯᠡᠵᠦ᠂ ᠭᠤᠷᠪᠠᠨ ᠶᠡᠭᠡ ᠭᠤᠣᠯ ᠴᠣᠭᠴᠠ ᠶᠢᠨ ᠣᠷᠣᠯᠭ᠎ᠠ ᠴᠥᠮ ᠨᠡᠮᠡᠭᠳᠡᠯ ᠢ ᠪᠡᠶᠡᠯᠡᠭᠦᠯᠪᠡ᠃ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠣᠯᠬᠤ ᠴᠢᠳᠠᠪᠤᠷᠢ ᠴᠢᠩᠭᠠᠷᠠᠵᠤ᠂ ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 3329 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 67% ᠪᠠᠷ ᠨᠡᠮᠡᠭᠳᠡᠪᠡ᠃ ᠠᠰᠢᠭ ᠬᠤᠨᠵᠢᠪᠣᠷᠢ ᠶᠢ ᠪᠡᠶᠡᠯᠡᠭᠦᠯᠦᠭᠰᠡᠨ ᠪᠦᠬᠦ ᠲᠤᠭ᠎ᠠ 4.95 ᠳ᠋ᠦᠩᠰᠢᠭᠤᠷ ᠲᠥᠭᠦᠷᠢᠭ ᠲᠤ ᠬᠦᠷᠴᠦ᠂ 10.2 % ᠢᠶᠠᠷ ᠨᠡᠮᠡᠭᠳᠡᠪᠡ᠃      ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢᠯᠡᠳᠲᠡ ᠪᠠᠶᠢᠵᠤ᠂ ᠪᠥᠬᠦ ᠵᠢᠯ ᠤᠨ ᠣᠷᠣᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6.68 ᠳ᠋ᠦᠩᠰᠢᠭᠤᠷ ᠲᠥᠭᠦᠷᠢᠭ ᠲᠤ ᠬᠦᠷᠴᠦ᠂       9.7 % ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 20.36 ᠳ᠋ᠦᠩᠰᠢᠭᠤᠷ ᠲᠥᠭᠦᠷᠢᠭ ᠲᠣᠬᠢᠷᠠᠭᠤᠯᠵᠤ᠂ 0.9% ᠪᠠᠷ  ᠨᠡᠮᠡᠭᠳᠡᠵᠡᠢ᠃      ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠦ᠂ ᠪᠦᠬᠦ ᠬᠤᠰᠢᠭᠤᠨ ᠤ ᠪᠦᠬᠦ ᠰᠠᠭᠤᠭᠠᠯᠢ ᠠᠷᠠᠳ ᠤᠨ ᠳᠤᠮᠳᠠᠴᠢ ᠲᠣᠬᠢᠷᠠᠭᠤᠯᠵᠤ ᠪᠣᠯᠬᠤᠶᠢᠴᠠ ᠣᠷᠣᠯᠭ᠎ᠠ 4.68 ᠲᠦᠮᠡᠨ ᠲᠥᠭᠦᠷᠢᠭ ᠲᠤ ᠬᠦᠷᠴᠦ᠂ 5.2 % ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ  ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.95 ᠲᠦᠮᠡᠨ ᠲᠥᠭᠦᠷᠢᠭ ᠲᠤ ᠬᠦᠷᠴᠦ᠂ 5.2 % ᠢᠶᠠᠷ ᠨᠡᠮᠡᠭᠳᠡᠨ᠂ ᠶᠡᠷᠦᠩᠬᠡᠶ ᠬᠡᠮᠵᠢᠶ᠎ᠡ ᠪᠠᠷ ᠢᠶᠠᠨ ᠪᠥᠬᠦ ᠠᠶᠢᠮᠠᠭ ᠲᠤ ᠵᠢᠷᠭᠤᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠪᠠᠷ ᠢᠶᠠᠨ ᠪᠥᠬᠦ ᠠᠶᠢᠮᠠᠭ ᠲᠤ ᠨᠠᠢᠮᠠᠳᠤᠭᠠᠷ ᠲᠤ ᠣᠷᠣᠪᠠ᠃ ᠮᠠᠯᠵᠢᠬᠤ ᠣᠷᠣᠨ ᠤ ᠰᠠᠭᠤᠭᠠᠯᠢ ᠠᠷᠠᠳ ᠤᠨ ᠳᠤᠮᠳᠠᠴᠢ ᠲᠣᠬᠢᠷᠠᠭᠤᠯᠵᠤ ᠪᠣᠯᠬᠤᠶᠢᠴᠠ ᠣᠷᠣᠯᠭ᠎ᠠ ᠶᠢ 4.25 ᠲᠦᠮᠡᠨ ᠲᠥᠭᠦᠷᠢᠭ ᠲᠤ ᠬᠦᠷᠴᠦ᠂ 5.3 % ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠᠷ ᠪᠦᠬᠦ ᠠᠶᠢᠮᠠᠭ ᠤᠨ ᠨᠢᠭᠡᠳᠦᠭᠡᠷ  ᠲᠤ ᠣᠷᠣᠵᠤ᠂ ᠨᠡᠮᠡᠭᠳᠡᠯ  ᠤᠨ ᠬᠤᠷᠳᠤᠴᠠ ᠪᠠᠷ ᠪᠦᠬᠦ ᠠᠶᠢᠮᠠᠭ ᠤᠨ 10 ᠳ᠋ᠤᠭᠠᠷ ᠲᠤ ᠵᠢᠭᠰᠠᠭᠠᠭᠳᠠᠪᠠ᠃      ᠳᠥᠷᠪᠡ᠂ ᠠᠵᠤ ᠠᠬᠤᠶ ᠶᠢᠨ ᠬᠥᠭᠵᠢᠶᠡᠨᠲᠦ ᠪᠠᠶᠢᠳᠠᠯ ᠢᠯᠡᠳᠲᠡ ᠳᠡᠭᠡᠭᠰᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠦᠲᠦᠮᠵᠢᠲᠡᠶ ᠬᠦᠭᠵᠢᠪᠡ᠃ ᠤᠷᠢᠳ ᠢᠶᠠᠷ ᠬᠡᠷᠡᠭᠵᠢᠭᠦᠯᠬᠦ ᠭᠦᠶᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠵᠤ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 4.43 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6 % ᠨᠡᠮᠡᠭᠳᠡᠪᠡ᠃ ᠡᠭᠦᠨ ᠳᠤ᠂ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ 10.5 % ᠪᠠᠷ ᠨᠡᠮᠡᠭᠳᠡᠵᠦ᠂ ᠵᠠᠰᠠᠮᠠᠯ ᠵᠠᠮ ᠤᠨ ᠠᠶᠠᠨᠴᠢᠳ᠂ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠲᠤᠰ ᠲᠤᠰ 9.20 ᠲᠦᠮᠡᠨ ᠺᠢᠯᠣᠮᠧᠲᠷ ᠪᠠ 41.43 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ ᠲᠤᠰ ᠲᠤᠰ 5.0 % ᠪᠠ 5.9 % ᠪᠠᠷ ᠨᠡᠮᠡᠭᠳᠡᠪᠡ᠃      ᠰᠠᠭᠤᠭᠠᠯᠢ ᠠᠷᠠᠳ ᠤᠨ ᠬᠡᠷᠡᠭᠯᠡᠭᠡᠨ ᠤ ᠲᠦᠪᠰᠢᠨ ᠶᠡᠭᠡ ᠪᠠᠷ ᠳᠡᠭᠡᠭᠰᠢᠯᠡᠵᠦ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 3.45 ᠲᠦᠮᠡᠨ ᠲᠥᠭᠦᠷᠢᠭ ᠲᠤ ᠬᠦᠷᠴᠦ᠂ 22.5 % ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ  ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 3.46 ᠲᠦᠮᠡᠨ ᠲᠥᠭᠦᠷᠢᠭ ᠲᠤ ᠬᠦᠷᠴᠦ᠂ 16.5 % ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠲᠤ ᠵᠢᠷᠭᠤᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ ᠨᠠᠢᠮᠠᠳᠤᠭᠠᠷ ᠲᠤ ᠣᠷᠣᠪᠠ᠃ ᠮᠠᠯᠵᠢᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 3.43 ᠲᠦᠮᠡᠨ ᠲᠥᠭᠦᠷᠢᠭ ᠲᠤ ᠬᠦᠷᠴᠦ᠂       27.2 % ᠢᠶᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠲᠤ ᠨᠢᠭᠡᠳᠦᠭᠡᠷ ᠲᠤ ᠣᠷᠣᠵᠤ᠂ ᠨᠡᠮᠡᠭᠳᠡᠯ  ᠤᠨ ᠬᠤᠷᠳᠤᠴᠠ ᠨᠢ ᠪᠥᠬᠦ ᠠᠶᠢᠮᠠᠭ ᠲᠤ ᠨᠢᠭᠡᠳᠦᠭᠡᠷ ᠲᠤ ᠣᠷᠣᠪᠠ᠃      ᠶᠡᠷᠦᠩᠬᠡᠶ ᠳᠤᠨᠢ ᠠᠪᠴᠤ ᠦᠵᠡᠪᠡᠯ᠂ ᠪᠥᠬᠦ ᠬᠤᠰᠢᠭᠤᠨ ᠤ ᠠᠵᠤ ᠠᠬᠤᠶ ᠰᠡᠷᠭᠦᠨ ᠰᠠᠶᠢᠵᠢᠷᠠᠵᠤ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠭᠢᠪᠠ᠃ ᠭᠡᠪᠡᠴᠦ ᠠᠵᠤ ᠠᠬᠤᠢ ᠶᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠬᠤ ᠰᠠᠭᠤᠷᠢ ᠶᠢ ᠮᠥᠨ ᠯᠡ ᠪᠠᠬᠢᠵᠢᠭᠦᠯᠬᠦ ᠴᠢᠬᠤᠯᠠᠲᠠᠢ ᠪᠠᠶᠢᠵᠤ᠂ ᠠᠵᠤ ᠠᠬᠤᠢ ᠶᠢᠨ ᠬᠥᠭᠵᠢᠯᠲᠡ ᠳᠤ ᠮᠥᠨ ᠯᠡ ᠵᠠᠷᠢᠮ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ  ᠨᠠᠶᠢᠲᠠᠪᠤᠷᠢᠵᠢᠭᠤᠯᠵᠤ᠂ ᠪᠦᠷᠢᠨ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ  ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ᠂ ᠲᠣᠭᠲᠠᠭᠤᠨ ᠨᠡᠮᠡᠭᠳᠡᠯ᠂ ᠲᠣᠭᠲᠠᠭᠤᠨ ᠠᠵᠢᠯ ᠣᠯᠭᠤᠯᠲᠠ᠂ ᠲᠦᠭᠰᠢᠭᠦᠷᠢ ᠶᠢ ᠰᠡᠷᠭᠡᠶᠢᠯᠡᠬᠦ ᠲᠣᠭᠤᠷᠢᠨ ᠳᠤ ᠬᠦᠴᠦᠲᠡᠶ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠠᠪᠴᠤ᠂ ᠠᠵᠢᠯ ᠢᠶᠠᠨ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠪᠠᠷᠢᠮᠵᠢᠶ᠎ᠠ ᠲᠠᠢ ᠬᠠᠷᠭᠤᠭᠤᠯᠵᠤ ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠶ ᠲᠠᠯ᠎ᠠ ᠪᠠᠨ  ᠬᠦᠴᠦᠷᠬᠡᠭᠵᠢᠭᠦᠯᠵᠦ᠂ ᠠᠵᠤ ᠠᠬᠤᠢ ᠶᠢᠨ ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ ᠪᠠᠬᠢᠵᠢᠭᠦᠯᠦᠨ  ᠴᠢᠩᠭᠠᠳᠬᠠᠵᠤ᠂ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ  ᠤ ᠵᠦᠶ ᠵᠣᠬᠢᠰᠲᠠᠶ ᠨᠡᠮᠡᠭᠳᠡᠯ ᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号