ᠮᠠᠨ ᠤ ᠬᠤᠰᠢᠭᠤᠨ ᠤ 2024 ᠣᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠠᠩᠬᠠᠨ ᠤ ᠲᠠᠯᠠᠪᠤᠷ ᠲᠤᠰᠬᠠᠶ ᠠᠵᠢᠯᠲᠠᠨ ᠡᠯᠰᠡᠬᠦ  ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/2/27
      1 ᠰᠠᠷ᠎ᠠ ᠶᠢᠨ 29 ᠤ ᠡᠳᠦᠷ᠂ ᠮᠠᠨ ᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠬᠤᠶᠠᠷ ᠵᠦᠶᠯ ᠤᠨ ᠠᠵᠢᠯᠯᠠᠭ᠎ᠠ ᠪᠠᠷ ᠭᠤᠤᠯ ᠰᠡᠳᠦᠪ ᠪᠣᠯᠭᠠᠵᠤ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶ ᠠᠵᠤ ᠠᠬᠤᠶᠢᠯᠠᠯᠲᠠᠨ ᠬᠤᠳᠠᠯᠳᠤᠭᠠᠴᠢᠳ ᠤᠨ ᠡᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠵᠡᠮᠳᠡᠭᠴᠦᠳ ᠤᠨ ᠬᠤᠯᠪᠣᠭ᠎ᠠ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ 2024 ᠣᠨ ᠤ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠠᠩᠬᠠᠨ ᠤ ᠲᠠᠯᠠᠪᠤᠷ ᠲᠤᠰᠬᠠᠶ ᠠᠵᠢᠯᠲᠠᠨ ᠡᠯᠰᠡᠬᠦ  ᠴᠤᠭᠯᠠᠭᠠᠨ ᠢ ᠡᠷᠬᠢᠯᠡᠨ ᠶᠠᠪᠤᠭᠳᠠᠭᠤᠯᠵᠠᠢ᠃      ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠦᠶᠯᠡᠴᠢᠯᠡᠭᠡᠨ ᠤ ᠠᠵᠤ ᠠᠬᠤᠶᠢᠯᠠᠯ ᠪᠠ ᠥᠷᠭᠡᠨ ᠣᠯᠠᠨ ᠠᠵᠢᠯ ᠡᠷᠢᠭᠰᠡᠳ ᠢ ᠬᠠᠪᠰᠤᠷᠤᠨ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠠᠵᠢᠯ ᠣᠯᠭᠤᠬᠤ ᠪᠠᠷ ᠬᠠᠷᠠᠯᠲᠠ ᠪᠣᠯᠭᠠᠵᠤ᠂ ᠬᠥᠮᠦᠨ ᠬᠡᠷᠡᠭᠯᠡᠬᠦ 20 ᠭᠠᠷᠤᠶ ᠨᠢᠭᠡᠴᠡ ᠶᠢᠨ 300 ᠭᠠᠷᠤᠶ ᠠᠵᠢᠯ ᠤᠨ ᠪᠠᠶᠢᠷᠢ ᠶᠢ ᠲᠤᠬᠢᠷᠠᠭᠤᠯᠵᠤ᠂ ᠡᠭᠦᠨ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠨ ᠪᠠᠶᠢᠷᠢ ᠳᠤ ᠨᠡᠶᠢᠴᠡᠬᠦ ᠮᠥᠷᠲᠡᠭᠡᠨ ᠪᠠᠰᠠ ᠤᠷ᠎ᠠ ᠴᠢᠳᠠᠪᠤᠷᠢ ᠶᠢᠨ ᠱᠠᠭᠠᠷᠳᠠᠯᠭ᠎ᠠ ᠪᠠᠷ ᠨᠡᠯᠢᠶᠡᠳ ᠳᠣᠤᠷ᠎ᠠ ᠦᠶᠯᠡᠴᠢᠯᠡᠭᠡᠨ ᠤ ᠬᠡᠯᠪᠡᠷᠢ ᠶᠢᠨ ᠠᠵᠢᠯ ᠤᠨ ᠪᠠᠶᠢᠷᠢ ᠪᠠᠶᠢᠵᠤ᠂ ᠨᠢᠭᠲᠠᠯᠠᠨ ᠪᠤᠳᠤᠭᠴᠢ᠂ ᠰᠤᠷᠭᠠᠨ ᠬᠥᠮᠦᠵᠢᠯ ᠤᠨ ᠠᠵᠢᠯᠲᠠᠨ᠂ ᠬᠠᠮᠢᠶᠠᠷᠤᠯᠲᠠ ᠶᠢᠨ ᠠᠵᠢᠯᠲᠠᠨ᠂ ᠮᠡᠷᠭᠡᠵᠢᠯ ᠤᠨ ᠠᠵᠢᠯᠲᠠᠨ ᠵᠡᠷᠭᠡ ᠠᠵᠢᠯ ᠤᠨ ᠪᠠᠶᠢᠷᠢ ᠶᠢ ᠬᠠᠮᠤᠷᠴᠤ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠰᠤᠷᠤᠯᠭ᠎ᠠ ᠶᠢᠨ ᠨᠠᠮᠲᠠᠷ ᠲᠠᠢ ᠠᠵᠢᠯ ᠡᠷᠢᠭᠰᠡᠳ ᠤᠨ ᠠᠵᠢᠯ ᠤᠯᠬᠤ ᠬᠡᠷᠡᠭᠴᠡᠭᠡ ᠶᠢ ᠬᠠᠩᠭᠠᠵᠤ᠂ ᠮᠠᠨ ᠤ ᠬᠤᠰᠢᠭᠤᠨ ᠤ ᠠᠵᠤ ᠠᠬᠤᠶᠢᠯᠠᠯ ᠪᠠ ᠳᠡᠭᠡᠳᠦ ᠰᠤᠷᠭᠠᠭᠤᠯᠢ ᠲᠡᠭᠦᠰᠦᠭᠰᠡᠳ᠂ ᠵᠡᠮᠳᠡᠭᠴᠦᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠳᠠᠩᠰᠠᠯᠠᠭᠤᠯᠤᠭᠰᠠᠨ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ  ᠬᠦᠮᠦᠰ ᠲᠤ ᠦᠶᠯᠡᠴᠢᠯᠡᠬᠦ ᠶᠢᠨ ᠲᠥᠯᠥᠭᠡ ᠶᠤᠮ᠃      ᠡᠭᠦᠨ ᠤ ᠬᠠᠮᠲᠤ᠂ ᠠᠵᠢᠯᠲᠠᠨ ᠡᠯᠰᠡᠬᠦ ᠲᠤᠬᠠᠶ ᠶᠢᠨ ᠲᠠᠯᠠᠪᠠᠶ ᠳᠤ ᠪᠠᠰᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠲᠠᠪᠴᠠᠩ ᠪᠠᠶᠢᠭᠤᠯᠵᠤ᠂ ᠠᠵᠢᠯ ᠡᠷᠢᠭᠰᠡᠳ ᠤᠨ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ  ᠠᠰᠠᠭᠤᠨ        ᠯᠠᠪᠯᠠᠯᠲᠠ᠂ ᠬᠦᠴᠢᠷ ᠲᠦᠪᠡᠭᠲᠡᠶ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号