ᠪᠣᠭᠳ᠋ᠬᠠᠭᠤᠯᠠ ᠤᠢ ᠰᠢᠭᠤᠢ ᠶᠢᠨ ᠲᠠᠯᠠᠪᠠᠢ
ᠨᠡᠶᠢᠲᠡᠯᠡᠭᠰᠡᠨ ᠴᠠᠭ᠄
2024/2/27
      ᠪᠣᠭᠳ᠋ᠬᠠᠭᠤᠯᠠ ᠣᠶ ᠰᠢᠭᠤᠢ ᠶᠢᠨ ᠲᠠᠯᠠᠪᠠᠶ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠵᠡᠭᠦᠨ ᠬᠤᠶᠢᠲᠤ ᠬᠡᠰᠡᠭ᠂ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ ᠬᠤᠷᠮᠣᠢ ᠳᠤ ᠪᠠᠶᠢᠷᠢᠯᠠᠵᠤ᠂ ᠬᠤᠰᠢᠭᠤ ᠵᠠᠰᠠᠭ ᠤᠨ ᠣᠷᠳᠣᠨ ᠤ ᠰᠠᠭᠤᠭ᠎ᠠ ᠤᠯᠢᠶᠠᠰᠤᠲᠠᠢ ᠪᠠᠯᠭᠠᠰᠤ ᠠᠴᠠ 340 ᠺᠢᠯᠣᠮᠧᠲᠷ ᠵᠠᠶᠢᠲᠠᠢ᠂ 303 ᠨᠣᠮᠧᠷᠲᠣ ᠮᠤᠵᠢ ᠶᠢᠨ ᠳᠡᠰ ᠤᠨ ᠵᠠᠰᠠᠮᠠᠯ ᠵᠠᠮ  ᠨᠡᠪᠲᠡᠷᠡᠵᠦ ᠪᠠᠶᠢᠨ᠎ᠠ᠃      1958 ᠣᠨ ᠤ 3 ᠰᠠᠷ᠎ᠠ ᠳᠤ ᠪᠠᠶᠢᠭᠤᠯᠤᠭᠳᠠᠪᠠ᠃      2007 ᠣᠨ ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠲᠢᠩᠬᠢᠮ ᠣᠶ ᠰᠢᠭᠤᠢ ᠠᠯᠪᠠᠨ ᠲᠠᠷᠬᠠᠭᠠᠭᠰᠠᠨ ﹇2007﹈ 245 ᠲᠣᠭᠠᠲᠤ ᠪᠢᠴᠢᠭ ᠮᠠᠲ᠋ᠧᠷᠢᠶᠠᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠢ ᠶᠢᠨ ᠴᠡᠴᠡᠷᠯᠢᠭ ᠪᠣᠯᠭᠠᠨ ᠪᠠᠶᠢᠭᠤᠯᠬᠤ ᠶᠢ ᠵᠥᠪᠰᠢᠶᠡᠷᠡᠪᠡ︔ 2010 ᠣᠨ ᠤ 9 ᠰᠠᠷ᠎ᠠ ᠳᠤ ᠤᠯᠤᠰ ᠤᠨ ᠣᠶ ᠰᠢᠭᠤᠢ ᠶᠢᠨ ᠲᠣᠪᠴᠢᠶ᠎ᠠ ᠶᠢᠨ ᠣᠶ ᠰᠢᠭᠤᠢ ᠶᠢᠨ ᠲᠠᠯᠠᠪᠠᠶ ᠶᠢᠨ ᠵᠦᠪᠰᠢᠶᠡᠷᠡᠯ ︵2010︶ 1329 ᠲᠣᠭᠠᠲᠤ ᠪᠢᠴᠢᠭ ᠮᠠᠲ᠋ᠧᠷᠢᠶᠠᠯ ᠤᠨ ᠵᠥᠪᠰᠢᠶᠡᠷᠡᠯ ᠢᠶᠠᠷ ᠤᠯᠤᠰ ᠤᠨ ᠲᠠᠰ ᠤᠨ ᠣᠶ ᠰᠢᠭᠤᠢ ᠶᠢᠨ ᠴᠡᠴᠡᠷᠯᠢᠭ ᠪᠣᠯᠭᠠᠵᠤ᠂ ︽ᠥᠪᠥᠷ ᠮᠣᠩᠭᠤᠯ ᠤᠨ ᠪᠣᠭᠳ᠋ᠬᠠᠭᠤᠯᠠ ᠤᠯᠤᠰ ᠤᠨ ᠳᠡᠰ ᠤᠨ ᠣᠶ ᠰᠢᠭᠤᠢ ᠶᠢᠨ ᠴᠡᠴᠡᠷᠯᠢᠭ︾ ᠭᠡᠵᠦ ᠨᠡᠷᠡᠶᠢᠳᠪᠡ᠂ ᠴᠡᠴᠡᠷᠯᠢᠭ ᠤᠨ ᠲᠠᠯᠠᠪᠠᠶ ᠨᠢ 29652.8 ᠾᠧᠺᠲ᠋ᠠᠷ ᠪᠣᠯᠣᠨ᠎ᠠ᠃      1958 ᠣᠨ ᠤ 3 ᠰᠠᠷ᠎ᠠ ᠳᠤ ᠤᠢ ᠰᠢᠭᠤᠢ ᠶᠢᠨ ᠲᠠᠯᠠᠪᠠᠢ ᠪᠠᠶᠢᠭᠤᠯᠤᠭᠳᠠᠵᠤ᠂ ᠤᠢ ᠰᠢᠭᠤᠢ ᠶᠢᠨ ᠲᠠᠯᠠᠪᠠᠢ ᠳᠤ ᠪᠣᠭᠳ᠋ᠬᠠᠭᠤᠯᠠ ︵ᠰᠠᠭᠤᠭᠠᠯᠢ ᠠᠷᠠᠳ ᠤᠨ ᠳᠤᠭᠤᠶᠢᠯᠠᠩ︶᠂  ᠬᠠᠶᠢᠯᠠᠰᠤᠲᠠᠢ ︵ᠰᠠᠭᠤᠭᠠᠯᠢ ᠠᠷᠠᠳ ᠤᠨ ᠳᠤᠭᠤᠶᠢᠯᠠᠩ︶᠂ ᠤᠯᠠᠭᠠᠨᠬᠠᠳᠠ ︵ᠤᠢ ᠰᠢᠭᠤᠢ ᠡᠵᠡᠩᠨᠡᠵᠦ ᠪᠠᠶᠢᠭ᠎ᠠ ᠲᠤᠭᠤᠷᠢᠭ︶ ᠵᠡᠷᠭᠡ 3 ᠬᠤᠪᠢᠶᠠᠷᠢ ᠲᠠᠯᠠᠪᠠᠢ ︵ᠬᠠᠶᠢᠯᠠᠰᠤᠲᠠᠢ ᠰᠠᠭᠤᠭᠠᠯᠢ ᠠᠷᠠᠳ ᠤᠨ ᠳᠤᠭᠤᠶᠢᠯᠠᠩ ᠪᠠ ᠪᠣᠭᠳ᠋ᠬᠠᠭᠤᠯᠠ ᠰᠠᠭᠤᠭᠠᠯᠢ ᠠᠷᠠᠳ ᠤᠨ ᠳᠤᠭᠤᠶᠢᠯᠠᠩ ᠨᠢ ᠮᠠᠨᠳᠤᠬᠤᠪᠤᠯᠠᠭ ᠪᠠᠯᠭᠠᠰᠤ ᠶᠢᠨ ᠮᠠᠨᠳᠤᠬᠤᠪᠤᠯᠠᠭ ᠪᠠᠯᠭᠠᠰᠤᠨ ᠤ ᠳᠡᠭᠦᠯᠢᠴᠢ ᠨᠡᠶᠢᠭᠡᠮ ᠲᠤᠭᠤᠷᠢᠭ ᠤᠨ ᠳᠤᠤᠷ᠎ᠠ ᠪᠤᠢ︶ ᠲᠠᠢ ᠪᠠᠶᠢᠵᠤ᠂ ᠬᠢᠯᠢ ᠶᠢᠨ ᠭᠠᠯ ᠰᠡᠷᠭᠡᠶᠢᠯᠡᠬᠦ ᠵᠠᠮ 60 ᠺᠢᠯᠤᠮᠧᠲᠷ᠂ ᠤᠢ ᠶᠢᠨ ᠵᠠᠬ᠎ᠠ ᠶᠢᠨ ᠭᠠᠯ ᠰᠡᠷᠭᠡᠶᠢᠯᠡᠬᠦ ᠵᠠᠮ 80 ᠺᠢᠯᠤᠮᠧᠲᠷ᠃      ᠪᠣᠭᠳ᠋ᠬᠠᠭᠤᠯᠠ ᠤᠢ ᠰᠢᠭᠤᠢ ᠶᠢᠨ ᠲᠠᠯᠠᠪᠠᠢ ᠶᠢᠨ ᠵᠡᠭᠦᠨᠰᠢ ᠪᠠᠨ ᠬᠢᠩᠭᠠᠨ ᠠᠶᠢᠮᠠᠭ ᠤᠨ ᠦ᠋ ᠴᠠ ᠭᠧᠦ ᠤᠢ ᠰᠢᠭᠤᠢ ᠶᠢᠨ ᠲᠣᠪᠴᠢᠶ᠎ᠠ ᠲᠠᠢ ᠬᠥᠷᠰᠢᠯᠡᠵᠦ᠂ ᠡᠮᠦᠨᠡᠰᠢ ᠪᠠᠨ ᠤᠯᠠᠭᠠᠢ ᠨᠡᠭᠡᠭᠡᠯᠲᠡ ᠶᠢᠨ  ᠣᠷᠤᠨ ᠲᠠᠢ ᠵᠠᠯᠭᠠᠯᠳᠤᠵᠤ᠂ ᠪᠠᠷᠠᠭᠤᠨᠰᠢ ᠪᠠᠨ ᠮᠠᠨᠳᠤᠬᠤᠪᠤᠯᠠᠭ ᠪᠠᠯᠭᠠᠰᠤ ᠲᠠᠢ ᠵᠠᠯᠭᠠᠯᠳᠤᠵᠤ᠂ ᠤᠮᠠᠷᠠᠰᠢ ᠪᠠᠨ ᠮᠣᠩᠭᠤᠯ ᠤᠯᠤᠰ ᠲᠠᠢ ᠬᠢᠯᠢ ᠨᠡᠶᠢᠯᠡᠵᠦ ᠪᠤᠢ᠃      ᠪᠣᠭᠳ᠋ᠬᠠᠭᠤᠯᠠ ᠣᠶ ᠰᠢᠭᠤᠢ ᠶᠢᠨ ᠲᠠᠯᠠᠪᠠᠶ ᠨᠢ ᠣᠶ ᠰᠢᠭᠤᠢ ᠠᠴᠠ ᠨᠤᠲᠤᠭ ᠪᠡᠯᠴᠢᠭᠡᠷ ᠵᠦᠭ ᠰᠢᠯᠵᠢᠬᠦ ᠣᠷᠣᠨ ᠪᠦᠰᠡ ᠳᠤ ᠣᠷᠣᠰᠢᠵᠤ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠨᠢ ᠭᠤᠣᠯᠯᠠᠬᠤ ᠪᠠᠶᠢᠷᠢ ᠶᠢ ᠡᠵᠡᠯᠡᠵᠦ᠂ ᠬᠢᠯᠢ ᠶᠢᠨ ᠳᠣᠲᠣᠷᠠᠬᠢ ᠭᠤᠣᠯ ᠪᠣᠯᠬᠤ  ᠪᠠᠶᠢᠭᠠᠯᠢᠯᠢᠭ ᠲᠤᠷᠤᠭ ᠮᠣᠳᠣᠨ ᠳᠤ ᠬᠠᠷ᠎ᠠ ᠬᠤᠰᠤ᠂ ᠴᠠᠭᠠᠨ ᠬᠤᠰᠤ᠂ ᠠᠭᠤᠯᠠᠨ ᠤᠯᠢᠶᠠᠰᠤ ᠵᠡᠷᠭᠡ ᠪᠣᠶ᠃      ᠪᠣᠭᠳ᠋ᠬᠠᠭᠤᠯᠠ ᠣᠶ ᠰᠢᠭᠤᠢ ᠶᠢᠨ ᠲᠠᠯᠠᠪᠠᠶ ᠶᠢᠨ ᠪᠥᠬᠦ ᠲᠠᠯᠠᠪᠠᠶ ᠨᠢ 119.3 ᠲᠦᠮᠡᠨ ᠮᠦ ᠪᠠᠶᠢᠵᠤ᠂ ᠡᠭᠦᠨ ᠳᠤ ᠣᠶ ᠰᠢᠭᠤᠢ ᠳᠤ ᠬᠡᠷᠡᠭᠯᠡᠬᠦ ᠭᠠᠵᠠᠷ ᠨᠢ 102.5 ᠲᠦᠮᠡᠨ ᠮᠦ ᠪᠠᠶᠢᠵᠤ᠂ ᠪᠥᠬᠦ ᠲᠠᠯᠠᠪᠠᠶ ᠶᠢᠨ 86%  ᠶᠢ ᠡᠵᠡᠯᠡᠵᠦ᠂ ᠣᠶᠢᠲᠤ ᠭᠠᠵᠠᠷ ᠤᠨ ᠲᠠᠯᠠᠪᠠᠶ ᠨᠢ 30.4 ᠲᠦᠮᠡᠨ ᠮᠦ ᠪᠠᠶᠢᠵᠤ᠂ ᠣᠶ ᠰᠢᠭᠤᠢ ᠶᠢᠨ ᠶᠡᠷᠦᠩᠬᠡᠢ ᠬᠠᠳᠠᠭᠠᠯᠠᠭᠳᠠᠴᠠ ᠶᠢᠨ ᠬᠡᠮᠵᠢᠶ᠎ᠡ ᠨᠢ 143.4 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠣᠶ ᠰᠢᠭᠤᠢ ᠶᠢᠨ ᠪᠦᠷᠬᠦᠭᠳᠡᠭᠰᠡᠨ ᠨᠣᠷᠮ᠎ᠠ ᠨᠢ 26.5% ᠪᠣᠯᠣᠨ᠎ᠠ᠃ ᠤᠯᠤᠰ ᠤᠨ ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ 28.57 ᠲᠦᠮᠡᠨ ᠮᠦ ᠪᠠᠶᠢᠨ᠎ᠠ᠃      2013 ᠣᠨ ᠤ ᠡᠴᠦᠰ ᠲᠤ ᠬᠠᠷᠢᠶ᠎ᠠ ᠣᠷᠣᠨ ᠤ ᠶᠡᠷᠦᠩᠬᠡᠢ ᠬᠥᠮᠥᠨ ᠠᠮᠠ 522 ᠬᠥᠮᠥᠨ ᠪᠠᠶᠢᠪᠠ᠂ ᠡᠭᠦᠨ ᠤ ᠳᠣᠲᠣᠷ᠎ᠠ ᠡᠷᠡᠭᠲᠡᠢ 278 ᠬᠥᠮᠥᠨ ᠪᠠᠶᠢᠵᠤ᠂ ᠶᠡᠷᠦᠩᠬᠡᠢ ᠬᠥᠮᠥᠨ ᠠᠮᠠ   ᠶᠢᠨ 53% ᠶᠢ ᠡᠵᠡᠯᠡᠵᠦ᠂ ᠡᠮᠡᠭᠲᠡᠢ 244 ᠬᠥᠮᠥᠨ ᠪᠠᠶᠢᠵᠤ᠂ ᠶᠡᠷᠦᠩᠬᠡᠢ ᠬᠥᠮᠥᠨ ᠠᠮᠠ ᠶᠢᠨ 47% ᠶᠢ ᠡᠵᠡᠯᠡᠪᠡ᠃ ᠡᠭᠦᠨ ᠳᠤ ᠬᠢᠲᠠᠳ ᠦᠨᠳᠦᠰᠦᠲᠡᠨ 207 ᠬᠥᠮᠥᠨ ᠪᠠᠶᠢᠵᠤ᠂ ᠪᠥᠬᠦ ᠬᠥᠮᠥᠨ ᠠᠮᠠ ᠶᠢᠨ 39.7% ᠶᠢ ᠡᠵᠡᠯᠡᠵᠦ᠂ ᠮᠣᠩᠭᠤᠯ ᠦᠨᠳᠦᠰᠦᠲᠡᠨ 312 ᠬᠥᠮᠥᠨ ᠪᠠᠶᠢᠵᠤ᠂ ᠪᠥᠬᠦ ᠬᠥᠮᠥᠨ ᠠᠮᠠ ᠶᠢᠨ 59.8% ᠶᠢ ᠡᠵᠡᠯᠡᠵᠦ᠂ ᠪᠤᠰᠤᠳ ᠦᠨᠳᠦᠰᠦᠲᠡᠨ 3 ᠬᠥᠮᠥᠨ ᠪᠠᠶᠢᠵᠤ᠂ ᠪᠥᠬᠦ ᠬᠥᠮᠥᠨ ᠠᠮᠠ ᠶᠢᠨ 0.5% ᠶᠢ ᠡᠵᠡᠯᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号