ᠤᠯᠢᠶᠠᠰᠤᠲᠠᠢ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ︽ᠦᠯᠵᠡᠶᠢᠲᠦ ᠪᠠᠶᠠᠷ ᠤᠨ ᠡᠳᠦᠷ ᠪᠠᠷ ᠬᠠᠶᠢᠷ᠎ᠠ ᠬᠠᠯᠠᠮᠵᠢ ᠬᠦᠷᠭᠡᠵᠦ ᠨᠠᠰᠤᠲᠠᠨ ᠢᠶᠠᠨ ᠠᠴᠢᠯᠠᠵᠤ ᠬᠠᠶᠢᠷᠠᠯᠠᠬᠤ ᠡᠷᠬᠢᠮ ᠰᠤᠷᠲᠠᠯ ᠢ ᠤᠯᠠᠮᠵᠢᠯᠠᠬᠤ︾ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/2/27
      ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠲᠦ ᠡᠳᠦᠷ ᠬᠦᠷᠴᠦ ᠢᠷᠡᠬᠦ ᠲᠠᠰᠢᠷᠠᠮ ᠳᠤ᠂ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠶ ᠪᠤᠯᠭᠠᠵᠦ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢᠨ ᠲᠦᠯᠦᠭᠡ᠂ 2 ᠰᠠᠷ᠎ᠠ ᠶᠢᠨ 23 ᠤ ᠡᠳᠤᠷ᠂ ᠤᠯᠢᠶᠠᠰᠤᠲᠠᠢ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠰᠠᠶᠢᠨ ᠲᠤᠷᠠᠴᠤᠤᠯ ᠢ ᠵᠣᠬᠢᠶᠠᠨ ᠪᠠᠶᠢᠭᠤᠯᠵᠦ᠂ ᠶᠢᠨ ᠴᠢᠦ ᠨᠠᠰᠤᠲᠠᠨ ᠢ ᠠᠰᠠᠷᠠᠬᠤ ᠬᠦᠷᠢᠶᠡᠯᠡᠩ ᠳᠤ ᠭᠦᠷᠴᠦ           ︽ᠦᠯᠵᠡᠶᠢᠲᠦ ᠪᠠᠶᠠᠷ ᠤᠨ ᠡᠳᠦᠷ ᠪᠠᠷ ᠬᠠᠶᠢᠷ᠎ᠠ ᠬᠠᠯᠠᠮᠵᠢ ᠬᠦᠷᠭᠡᠵᠦ  ᠨᠠᠰᠤᠲᠠᠨ ᠢᠶᠠᠨ ᠠᠴᠢᠯᠠᠵᠤ ᠬᠠᠶᠢᠷᠠᠯᠠᠬᠤ ᠡᠷᠬᠢᠮ ᠰᠤᠷᠲᠠᠯ ᠢ ᠤᠯᠠᠮᠵᠢᠯᠠᠬᠤ︾  ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠪᠠ ᠵᠥᠩᠨᠡᠯ  ᠳᠡᠪᠰᠢᠭᠦᠯᠵᠠᠢ᠃      ᠠᠵᠢᠯᠯᠠᠭ᠎ᠠ ᠳᠤ᠂ ᠰᠠᠶᠢᠨ ᠲᠤᠷᠠᠴᠤᠳ ᠥᠯᠵᠡᠶᠢᠲᠦ ᠪᠣᠭᠤᠷᠰᠤᠭ ᠢ ᠨᠠᠰᠤᠲᠠᠶᠢᠴᠤᠳ ᠤᠨ ᠭᠠᠷ ᠲᠤ ᠬᠦᠷᠭᠡᠵᠦ᠂ ᠨᠠᠰᠤᠲᠠᠳ ᠤᠨ ᠴᠢᠷᠠᠶ ᠳᠤᠨᠢ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠨ᠎ᠠ᠃ ᠵᠠᠯᠭᠠᠭᠠᠳ ᠰᠠᠶᠢᠨ ᠲᠤᠷᠠᠴᠤᠳ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠠᠢ ᠬᠠᠮᠲᠤ ᠥᠯᠵᠡᠶᠢᠲᠦ ᠪᠣᠭᠤᠷᠰᠤᠭ ᠶᠢ ᠠᠮᠲᠠᠯᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠢ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠪᠢᠯᠬᠠᠭᠤᠯᠤᠭᠰᠠᠨ ᠪᠠᠶᠢᠨ᠎ᠠ᠃      ᠲᠤᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠲᠡᠭᠡᠵᠦ᠂ ᠨᠠᠰᠤᠲᠠᠶᠢᠴᠤᠳ ᠤᠨ ᠵᠣᠯ ᠵᠢᠷᠭᠠᠯ ᠤᠨ ᠲᠦᠷᠦᠭᠳᠡᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ             ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ︾ ᠨᠡᠶᠢᠭᠡᠮ ᠤᠨ ᠰᠠᠶᠢᠬᠠᠨ‌‍ᠰᠤᠷᠲᠠᠯ ᠢ ᠪᠠᠳᠠᠷᠠᠭᠤᠯᠵᠤ᠂ ︽ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ︾ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠢ ᠤᠯᠠᠮᠵᠢᠯᠠᠵᠠᠢ᠃ ᠲᠠᠷᠠᠭᠠᠴᠢ ᠶᠢᠨ ᠠᠯᠬᠤᠮ ᠳᠤ᠂ ᠰᠦᠨᠪᠤᠯᠠᠭ ᠨᠡᠶᠢᠭᠡᠮ ᠲᠤᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠡᠷᠬᠢᠮ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠣᠯᠠᠨ ᠲᠦᠮᠡᠨ ᠢ ᠦᠨᠡᠨ ᠬᠦ ᠠᠵᠢᠯᠯᠠᠭᠠᠨ ᠤ ᠳᠤᠮᠳᠠ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠤᠯᠭᠤᠬᠤ ᠪᠤᠯᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号