ᠤᠯᠢᠶᠠᠰᠤᠲᠠᠢ ᠪᠠᠯᠭᠠᠰᠤᠨ ᠤ ᠮᠠᠨᠳᠦᠬᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠲᠡᠭᠡ  ᠨᠢ ︽ᠪᠢᠳᠡᠨ ᠤ ᠪᠠᠶᠠᠷ ᠤᠨ ᠡᠳᠦᠷ —  ᠴᠠᠭᠠᠨ ᠰᠠᠷ᠎ᠠ ᠶᠢᠨ ᠠᠷᠪᠡᠨ ᠲᠠᠪᠣᠨ ᠤ ᠪᠠᠶᠠᠷ ︾  ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/27
      ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ  ᠪᠠ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠡᠯ᠎ᠡ ᠦᠨᠳᠦᠰᠦᠲᠡᠨ ᠤ ᠪᠦᠯᠬᠦᠮᠳᠡᠯ ᠬᠠᠪᠰᠤᠷᠤᠯᠴᠠᠭ᠎ᠠ᠂ ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ  ᠪᠠᠶᠠᠵᠢᠭᠵᠢᠭᠤᠯᠬᠤ ᠶᠢᠨ ᠲᠦᠯᠣᠬᠡ᠂ 2 ᠰᠠᠷ᠎ᠠ ᠶᠢᠨ 24 ᠤ ᠡᠳᠦᠷ᠂ ᠮᠠᠨᠳᠤᠬᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ︽ᠪᠢᠳᠡᠨ ᠤ ᠪᠠᠶᠠᠷ ᠤᠨ ᠡᠳᠦᠷ —  ᠴᠠᠭᠠᠨ ᠰᠠᠷ᠎ᠠ ᠶᠢᠨ ᠠᠷᠪᠡᠨ ᠲᠠᠪᠣᠨ ᠤ ᠪᠠᠶᠠᠷ︾ ᠤᠨ ᠠᠵᠢᠯᠯᠠᠭ᠎ᠠ ᠶᠢ ᠡᠷᠬᠢᠯᠡᠵᠦ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠂ ᠲᠣᠣᠷᠴᠢᠯᠠᠭᠰᠠᠨ ᠬᠠᠮᠢᠶᠠᠷᠣᠯᠳᠠ ᠶᠢᠨ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠡᠷᠭᠡ 30 ᠭᠠᠷᠤᠢ ᠬᠥᠮᠦᠨ  ᠴᠤᠭᠯᠠᠷᠠᠵᠤ᠂  ᠴᠠᠭᠠᠨ ᠰᠠᠷ᠎ᠠ ᠶᠢᠨ ᠠᠷᠪᠡᠨ ᠲᠠᠪᠣᠨ ᠤ ᠪᠠᠶᠠᠷ ᠢ ᠬᠠᠮᠲᠤ ᠪᠠᠷ ᠪᠡᠯᠭᠡᠯᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠳ᠋ᠧᠩ ᠵᠤᠯᠠ ᠠᠰᠠᠭᠠᠵᠤ᠂ ᠪᠠᠶᠠᠷ ᠪᠠᠶᠠᠰᠬᠤᠯᠠᠩ ᠤᠨ ᠠᠭᠤᠷ ᠠᠮᠢᠰᠬᠤᠯ ᠢᠶᠠᠷ ᠪᠢᠯᠬᠠᠵᠤ᠂ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠵᠤ᠂ ᠬᠡᠳᠦᠨ ᠠᠷᠪᠠᠨ  ᠵᠦᠢᠯ ᠤᠨ ᠦᠰᠦᠭ ᠤᠨ ᠣᠨᠢᠰᠤᠭ᠎ᠠ ᠂ ᠨᠠᠮ ᠤᠨ ᠲᠡᠤᠬᠡ᠂ ᠭᠠᠵᠠᠷ ᠵᠦᠶ᠂ ᠬᠡᠪᠰᠢᠮᠡᠯ ᠬᠡᠯᠡᠯᠭᠡ᠂ ᠦᠰᠦᠭ ᠤᠨ ᠣᠨᠢᠰᠤᠭ᠎ᠠ ᠵᠡᠷᠭᠡ ᠮᠡᠳᠡᠯᠭᠡ ᠶᠢ ᠬᠠᠮᠤᠷᠴᠤ᠂ ᠤᠯᠠᠨ ᠢᠶᠠᠷ ᠢᠶᠠᠨ ᠲᠠᠪᠤ ᠭᠤᠷᠪᠠ ᠪᠠᠷ ᠴᠤᠭᠯᠠᠷᠠᠵᠤ᠂ ᠬᠠᠷᠢᠯᠴᠠᠨ ᠶᠠᠷᠢᠯᠴᠠᠵᠤ᠂ ᠣᠨᠢᠰᠤᠭ᠎ᠠ ᠶᠢ ᠲᠠᠭᠠᠵᠦ ᠪᠠᠶᠢᠭᠰᠠᠨ ᠲᠤᠬᠠᠢ ᠶᠢᠨ ᠲᠠᠯᠠᠪᠠᠢ ᠳᠤ ᠪᠠᠶᠠᠷ ᠪᠠᠶᠠᠰᠬᠤᠯᠠᠩ ᠤᠨ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠬᠥᠮᠦᠨ ᠪᠦᠬᠦᠨ ᠤ ᠴᠢᠷᠠᠢ ᠳᠤ ᠪᠠᠶᠠᠷ ᠪᠠᠶᠠᠰᠬᠤᠯᠠᠩ ᠤᠨ ᠢᠨᠢᠶᠡᠳᠦ ᠪᠢᠯᠬᠠᠨ᠎ᠠ᠃      ᠲᠠᠷᠠᠭ᠎ᠠ ᠨᠢ ᠬᠥᠳᠡᠯᠭᠡᠭᠡᠨ ᠤ ᠲᠤᠬᠠᠶ ᠶᠢᠨ ᠲᠠᠯᠠᠪᠤᠷ ᠲᠤ ᠵᠢᠳᠠ ᠬᠠᠶᠠᠬᠤ ᠤᠷᠤᠯᠳᠤᠭᠠᠨ ᠲᠣᠬᠢᠷᠠᠭᠤᠯᠵᠤ᠂ ᠲᠠᠷᠢᠬᠢ ᠪᠠᠨ  ᠬᠦᠳᠡᠯᠬᠡᠬᠦ ᠶᠢᠨ ᠬᠠᠮᠳᠦ ᠪᠠᠰᠠ ᠤᠯᠠᠮᠵᠢᠯᠠᠯᠲᠤ ᠲᠣᠭᠯᠠᠭᠠᠮ ᠤᠨ ᠷᠢᠳᠢ ᠰᠢᠳᠢ  ᠵᠢᠴᠢ ᠤᠷᠤᠯᠳᠤᠭᠠᠨ ᠳᠤ ᠣᠷᠣᠯᠴᠠᠭᠰᠠᠳ ᠥᠪᠡᠷ ᠥᠪᠡᠷ ᠤᠨ ᠳᠠᠪᠠᠭᠤᠯᠢᠭ ᠢᠶᠠᠨ ᠭᠠᠶᠢᠬᠠᠭᠤᠯᠬᠤ ᠪᠤᠶᠤ  ᠦᠪᠡᠷ ᠤᠨ ᠳᠠᠪᠠᠭᠤᠯᠢᠭ ᠢᠶᠠᠨ ᠠᠰᠢᠭᠯᠠᠬᠤ᠂ ᠡᠰᠡᠬᠦᠯ᠎ᠡ ᠰᠠᠯᠬᠢᠨ ᠤ ᠴᠢᠭᠯᠡᠯ ᠢ ᠰᠡᠷᠡᠵᠦ ᠮᠡᠳᠡᠬᠦ᠂ ᠡᠰᠡᠬᠦᠯ᠎ᠡ ᠭᠤᠷᠪᠠᠨ  ᠵᠢᠳᠠ ᠶᠢ ᠬᠠᠮᠲᠤ ᠳᠤᠨᠢ ᠰᠢᠳᠡᠬᠦ ᠶᠢ ᠲᠤᠷᠰᠢᠬᠤ ᠁ ᠤᠯᠠᠨ ᠢᠶᠠᠷ ᠢᠶᠠᠨ ᠪᠦᠷ ᠪᠦᠬᠦ ᠬᠦᠴᠦ ᠪᠠᠨ ᠰᠢᠪᠬᠠᠵᠤ᠂ ᠬᠡᠨ ᠨᠢ  ᠵᠢᠳᠠ ᠪᠠᠨ ᠰᠠᠭᠤᠯᠠᠭ᠎ᠠ ᠳᠤ  ᠬᠠᠶᠡᠨ ᠣᠷᠣᠭᠤᠯᠬᠤ ᠶᠢ ᠦᠵᠡᠯᠴᠡᠪᠡ᠃      ᠤᠷᠤᠯᠳᠤᠭᠠᠨ ᠳᠤ ᠣᠷᠣᠯᠴᠠᠭᠰᠠᠳ ᠤᠨ ᠭᠠᠷ ᠤᠨ ᠤᠷᠳᠤ ᠶᠢᠨ ᠳᠠᠪᠠᠭᠤᠯᠢᠭ ᠢᠶᠠᠨ ᠠᠰᠢᠭᠯᠠᠬᠤ᠂ ᠡᠰᠡᠬᠦᠯ᠎ᠡ ᠰᠠᠯᠬᠢᠨ  ᠤ ᠴᠢᠭᠯᠡᠯ ᠢ ᠲᠤᠷᠰᠢᠬᠤ᠂ ᠡᠰᠡᠬᠦᠯ᠎ᠡ ᠭᠤᠷᠪᠠᠨ ᠰᠤᠮᠤ ᠶᠢ ᠬᠠᠮᠲᠤ ᠳᠤᠨᠢ ᠰᠢᠳᠡᠬᠦ ᠶᠢ ᠲᠤᠷᠰᠢᠬᠤ          ︽ ᠵᠢᠳᠠ ᠬᠠᠶᠠᠵᠤ ᠪᠤᠶᠠᠨ ᠠᠪᠬᠤ︾ ᠭᠡᠳᠡᠭ ᠨᠢ ︽ᠪᠤᠶᠠᠨ︾ ᠠᠪᠴᠢᠷᠠᠬᠤ ᠭᠡᠰᠡᠨ ᠤᠳᠬ᠎ᠠ ᠲᠠᠢ ᠶᠤᠮ᠂ ᠬᠥᠮᠦᠰ ᠵᠢᠳᠠ ᠬᠠᠶᠠᠬᠤ ᠠᠵᠢᠯᠯᠠᠭ᠎ᠠ ᠪᠠᠷ ᠳᠡᠮᠵᠢᠨ ᠠᠵᠠ ᠬᠡᠶᠢᠮᠣᠷᠢ ᠪᠠ ᠠᠵᠠ ᠬᠡᠶᠢᠮᠣᠷᠢ ᠶᠢ ᠤᠭᠲᠤᠨ ᠠᠪᠴᠢᠷᠠᠬᠤ ᠶᠢ ᠬᠦᠰᠡᠳᠡᠭ᠃      ᠲᠤᠰ ᠤᠳᠠᠭᠠᠨ ᠤ  ᠴᠠᠭᠠᠨ ᠰᠠᠷ᠎ᠠ ᠶᠢᠨ ᠠᠷᠪᠡᠨ ᠲᠠᠪᠣᠨ ᠤ  ᠪᠠᠶᠠᠷ ᠤᠨ ᠠᠵᠢᠯᠯᠠᠭ᠎ᠠ ᠨᠢ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢᠶᠠᠷ ᠠᠴᠢᠶᠠᠯᠠᠪᠤᠷᠢ ᠪᠣᠯᠭᠠᠵᠤ᠂ ᠬᠠᠯᠠᠭᠤᠨ ᠳᠤᠯᠠᠭᠠᠨ᠂ ᠪᠠᠶᠠᠷ ᠬᠥᠷ ᠲᠠᠢ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ ᠨᠢ ᠦᠨᠳᠦᠰᠦᠲᠡᠨ ᠨᠦᠭᠦᠳ ᠤᠨ ᠠᠬ᠎ᠠ ᠳᠡᠭᠦᠦ ᠨᠡᠷ ᠤᠨ ᠨᠥᠬᠦᠷᠯᠡᠯ᠂ ᠬᠠᠶᠢᠷ᠎ᠠ ᠰᠡᠳᠬᠢᠯᠭᠡ ᠶᠢ ᠵᠤᠵᠠᠭᠠᠳᠬᠠᠭᠰᠠᠨ ᠢᠶᠠᠷ ᠪᠠᠷᠠᠬᠤ ᠦᠭᠡᠢ ᠪᠠᠰᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠠᠮᠵᠢᠯᠠᠯᠲᠤ ᠰᠣᠶᠣᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠬᠦ ᠶᠢᠨ ᠬᠠᠮᠲᠤ ᠥᠷᠭᠡᠨ ᠤᠯᠠᠨ ᠺᠠᠳ᠋ᠷ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠳᠤ ᠳᠤᠷᠠᠲᠠᠶ᠎ᠠ ᠣᠷᠣᠯᠴᠠᠬᠤ ᠢᠳᠡᠪᠬᠢ ᠪᠠ ᠬᠠᠯᠠᠭᠤᠨ ᠰᠡᠳᠬᠢᠯᠭᠡ ᠶᠢ ᠲᠠᠶᠢᠴᠢᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠤᠢ ᠪᠣᠯᠭᠠᠬᠤ ᠤᠬᠠᠮᠰᠠᠷ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠤᠭᠰᠠᠨ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号