ᠮᠠᠨᠳᠤᠬᠤᠪᠤᠯᠠᠭ ᠪᠠᠯᠭᠠᠰᠤ ᠴᠠᠭᠠᠨ ᠰᠠᠷ᠎ᠠ ᠶᠢᠨ ᠳᠠᠷᠠᠭᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/2/27
      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠨᠢᠭᠡᠨᠲᠡ ᠥᠩᠭᠡᠷᠡᠵᠦ᠂ ᠬᠠᠷᠢᠶ᠎ᠠ ᠣᠷᠣᠨ ᠤ ᠡᠯ᠎ᠡ ᠨᠢᠭᠡᠴᠡ ᠵᠠᠯᠭᠠᠭ᠎ᠠ ᠪᠠᠷ ᠠᠵᠢᠯ᠂ ᠦᠢᠯᠡᠳᠪᠦᠷᠢᠯᠡᠯ᠂ ᠰᠤᠷᠤᠯᠭ᠎ᠠ ᠪᠠᠨ ᠰᠡᠷᠭᠦᠭᠡᠪᠡ᠃ ᠬᠠᠮᠢᠶ᠎ᠠ ᠪᠦᠬᠦᠢ ᠨᠢᠭᠡᠴᠡ ᠶᠢ ᠱᠠᠯᠠᠪᠳᠠᠭᠤᠯᠤᠨ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠪᠠ ᠬᠤᠷᠢᠭᠯᠠᠬᠤ ᠶᠢᠨ ᠲᠥᠯᠥᠭᠡ᠂ ᠮᠠᠨᠳᠤᠬᠤᠪᠤᠯᠠᠭ ᠪᠠᠯᠭᠠᠰᠤ ᠴᠠᠭᠠᠨ ᠰᠠᠷ᠎ᠠ ᠶᠢᠨ ᠳᠠᠷᠠᠭᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ    ᠥᠷᠨᠢᠭᠦᠯᠵᠦ᠂ ᠪᠦᠬᠦ ᠪᠠᠯᠭᠠᠰᠤᠨ ᠤ ᠪᠦᠬᠦ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠲᠣᠭᠲᠠᠭᠤᠨ ᠢᠶᠠᠷ ᠡᠬᠢᠯᠡᠭᠦᠯᠵᠡᠢ᠃      ᠪᠠᠶᠢᠴᠠᠭᠠᠬᠤ ᠳᠤᠭᠤᠶᠢᠯᠠᠩ ᠲᠣᠮᠢᠯᠠᠨ ᠠᠷᠤ ᠬᠠᠳᠠ ᠠᠭᠤᠷᠬᠠᠢ ᠶᠢᠨ ᠦᠢᠯᠡᠰ ᠤᠨ ᠺᠣᠮᠫᠠᠨᠢ ᠪᠣᠯᠣᠨ ᠰᠢᠯᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯᠲᠠᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠪᠠᠶᠢᠴᠠᠭᠠᠬᠤ ᠲᠥᠬᠦᠭᠡᠷᠦᠮᠵᠢ ᠶᠢ ᠪᠦᠬᠦ ᠲᠠᠯ᠎ᠠ ᠪᠠᠷ ᠬᠠᠮᠠᠭᠠᠯᠠᠵᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠨᠥᠬᠦᠴᠡᠯ ᠤᠨ ᠪᠣᠭᠤᠮᠲᠠ ᠶᠢ ᠴᠢᠩᠭ᠎ᠠ ᠠᠳᠬᠤᠨ᠂ ᠠᠵᠤ ᠠᠬᠤᠶᠢᠯᠠᠯ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠠᠮᠤᠷ ᠲᠣᠭᠲᠠᠭᠤᠨ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠳᠠᠷᠠᠭᠠᠴᠢ ᠶᠢᠨ ᠠᠯᠬᠤᠮ ᠳᠤ᠂ ᠮᠠᠨᠳᠤᠬᠤᠪᠤᠯᠠᠭ ᠪᠠᠯᠭᠠᠰᠤ ᠦᠷᠭᠦᠯᠵᠢᠯᠡᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠴᠢᠩᠭ᠎ᠠ ᠪᠣᠳᠠᠲᠠᠢ ᠨᠠᠷᠢᠨ ᠠᠳᠬᠤᠨ᠂ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠠᠷᠢᠶ᠎ᠠ ᠣᠷᠣᠨ ᠳᠤ ᠲᠣᠭᠲᠠᠭᠤᠨ᠂ ᠠᠮᠤᠷ ᠲᠦᠪᠰᠢᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号