ᠮᠠᠨ ᠤ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠬᠡᠯᠵᠢᠳᠦ ᠬᠤᠷᠠᠯ ᠵᠢᠴᠢ ᠪᠥᠬᠦ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠪᠠ ᠭᠠᠯ ᠰᠡᠷᠭᠡᠶᠢᠯᠡᠯᠲᠡ ᠶᠢᠨ ᠳᠠᠯᠳᠠ ᠬᠡᠮ ᠢ ᠪᠠᠶᠢᠴᠠᠭᠠᠨ ᠴᠡᠭᠴᠡᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/29
      1 ᠰᠠᠷ᠎ᠠ ᠶᠢᠨ 31 ᠤ ᠡᠳᠦᠷ᠂ ᠮᠠᠨ ᠤ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠬᠡᠯᠵᠢᠳᠦ ᠬᠤᠷᠠᠯ ᠵᠢᠴᠢ ᠪᠥᠬᠦ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠪᠠ ᠭᠠᠯ ᠰᠡᠷᠭᠡᠶᠢᠯᠡᠯᠲᠡ ᠶᠢᠨ ᠳᠠᠯᠳᠠ ᠬᠡᠮ ᠢ ᠪᠠᠶᠢᠴᠠᠭᠠᠨ ᠴᠡᠭᠴᠡᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠠᠢ  ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂  ᠳᠡᠳ᠋ ᠬᠤᠰᠢᠭᠤ ᠳᠠᠷᠤᠭ᠎ᠠ ᠴᠠᠩ ᠵᠧᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠴᠠᠩ ᠵᠧᠩ ᠠᠴᠠ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠣᠳᠠᠲᠠᠶ ᠠᠵᠢᠯ ᠢ ᠪᠠᠶᠢᠷᠢᠯᠠᠭᠤᠯᠪᠠ᠃ ᠬᠤᠰᠢᠭᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠠᠴᠠ ︽ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠭᠤᠤᠯᠳᠠᠯᠭ᠎ᠠ ᠲᠠᠢ ᠠᠵᠢᠯ ᠢ  ᠴᠢᠬᠤᠯᠠᠴᠢᠯᠠᠵᠠᠢ᠃ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠠᠴᠠ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠵᠢᠭᠰᠠᠭᠠᠨ ᠪᠠᠶᠢᠴᠠᠭᠠᠯᠲᠠ  ᠶᠢᠨ ᠪᠠᠶᠢᠳᠠᠯ ᠢ ᠲᠠᠰ ᠳᠠᠷᠠᠭᠠᠯᠠᠨ ᠬᠠᠷᠢᠭᠤ ᠮᠡᠳᠡᠭᠦᠯᠪᠡ᠃      ᠬᠢᠩᠭᠠᠨ ᠵᠢᠭᠠᠬᠤ ᠳᠠᠭᠠᠨ᠂ ᠠᠶᠤᠯᠭᠦᠢ ᠦᠢᠯᠡᠳᠪᠦᠷᠢᠯᠡᠯ ᠪᠤᠯ ᠬᠦᠮᠦᠰ ‍ᠦᠨ‌ᠠᠮᠢ ᠨᠠᠰᠤ ᠲᠠᠢ ᠬᠤᠯᠪᠤᠭᠳᠠᠵᠤ᠂ ᠡᠭᠦᠷᠭᠡ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠡᠯ᠎ᠡ ᠠᠵᠤ ᠠᠬᠤᠶᠢᠯᠠᠯ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠬᠤᠷᠢᠭ᠎ᠠ ᠱᠤᠭᠤᠮ ᠤᠨ ᠰᠡᠳᠬᠢᠬᠦᠶ᠂ ᠲᠤᠶᠢᠯᠰᠢᠷᠠᠯ ᠤᠨ ᠰᠡᠳᠬᠢᠬᠦᠶ ᠶᠢ ᠪᠠᠲᠤ ᠪᠣᠶ ᠪᠣᠯᠭᠠᠵᠤ᠂        ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠠᠮ ᠨᠢᠭᠡ ᠠᠯᠬᠤᠮ ᠰᠡᠷᠡᠮᠵᠢᠯᠡᠭᠦᠯᠵᠦ᠂ ᠬᠥᠳᠡᠯᠦᠯᠴᠡᠵᠦ᠂ ᠠᠶᠤᠯᠭᠦᠶ ᠦᠶᠯᠡᠳᠪᠦᠷᠢᠯᠡᠯ  ᠤᠨ ᠠᠵᠢᠯ ᠢ ᠦᠨᠡᠨ ᠬᠦ ᠴᠢᠩᠭ᠎ᠠ ᠠᠳᠬᠤᠵᠤ ᠪᠣᠳᠠᠲᠠᠶ ᠠᠳᠬᠤᠵᠤ ᠲᠤᠭᠤᠰᠢᠲᠠᠶ ᠠᠳᠬᠤᠬᠤ ᠬᠡᠷᠡᠭᠲᠡᠶ ᠭᠡᠵᠡᠢ᠃      ᠬᠢᠩᠭᠠᠨ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ  ᠨᠢᠭᠡᠴᠡ ᠡᠯ᠎ᠡ ᠠᠵᠤ ᠠᠬᠤᠶᠢᠯᠠᠯ ᠤᠨ ᠬᠢᠨ ᠤᠢᠢᠷ᠎ᠠ ᠶᠢᠨ ᠬᠤᠭᠤᠴᠠᠭᠠᠨ ᠤ ᠪᠤᠰᠤᠳ ᠭᠠᠵᠠᠷ ᠣᠷᠣᠨ ᠤ ᠠᠳᠡᠯ ᠤᠨ ᠲᠥᠪᠯᠡᠷᠡᠩᠭᠦᠢ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠲᠠᠢ ᠤᠶᠠᠯᠳᠤᠭᠤᠯᠵᠤ᠂ ᠡᠯ᠎ᠡ ᠲᠦᠷᠦᠯ  ᠤᠨ ᠠᠮᠤᠷ ᠲᠦᠪᠰᠢᠨ ᠤ ᠠᠳᠡᠯ ᠤᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠶᠢ ᠡᠷᠡᠰ ᠬᠤᠷᠢᠭᠯᠠᠵᠤ᠂ ᠪᠡᠶ᠎ᠡ  ᠪᠠᠨ ᠰᠡᠷᠡᠮᠵᠢᠯᠡᠭᠦᠯᠵᠦ ᠪᠡᠶ᠎ᠡ ᠪᠠᠨ ᠲᠤᠩᠭᠠᠵᠤ᠂ ᠨᠢᠭᠡ ᠠᠴᠠ ᠨᠦᠬᠦᠭᠡ ᠶᠢ ᠵᠦᠢᠴᠢᠯᠡᠨ᠂ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠢ ᠡᠷᠡᠰ ᠲᠣᠭᠲᠠᠭᠤᠨ ᠡᠵᠡᠮᠳᠡᠵᠦ᠂ ᠪᠠᠶᠠᠷ ᠤᠨ ᠡᠳᠦᠷ ᠠᠴᠠ ᠡᠮᠦᠨ᠎ᠡ ᠨᠢᠭᠡ ᠤᠳᠠᠭ᠎ᠠ ᠶᠢᠨ ᠪᠦᠬᠦ ᠲᠠᠯ᠎ᠠ ᠶᠢᠨ᠂ ᠨᠡᠶᠢᠳᠡᠮ  ᠤᠨ ᠴᠢᠨᠠᠷᠲᠠᠢ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ       ᠥᠷᠨᠢᠭᠦᠯᠵᠦ᠂ ᠦᠨᠡᠨ ᠬᠦ ᠱᠠᠭᠠᠷᠳᠠᠨ ᠪᠣᠳᠠᠲᠠᠢ ᠪᠠᠶᠢᠴᠠᠭᠠᠬᠤ᠂ ᠴᠢᠩᠭ᠎ᠠ ᠱᠠᠭᠠᠷᠳᠠᠨ ᠨᠠᠷᠢᠨ ᠪᠠᠶᠢᠴᠠᠭᠠᠬᠤ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃  ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂  ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢ ᠬᠢᠨᠠᠨ ᠬᠡᠮᠵᠢᠬᠦ ᠶᠢ ᠠᠩᠬᠠᠷᠴᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠤᠳᠤᠷᠢᠳᠬᠤ ᠺᠠᠳ᠋ᠷ ᠠᠵᠢᠯ  ᠤᠨ ᠪᠠᠶᠢᠷᠢ ᠳᠠᠭᠠᠨ ᠣᠴᠢᠵᠤ ᠵᠢᠵᠢᠭᠦᠷ ᠳᠠᠭᠠᠭᠤᠯᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ ᠵᠡᠷᠭᠡ ᠠᠰᠠᠭᠤᠳᠠᠯ ᠢ ᠡᠷᠡᠰ ᠬᠤᠷᠢᠭᠯᠠᠵᠤ᠂  ︽ᠴᠠᠭᠠᠨ ᠰᠠᠷ᠎ᠠ︾ ᠵᠢᠴᠢ ᠪᠥᠬᠦ ᠤᠯᠤᠰ ᠤᠨ  ︽ᠬᠤᠶᠠᠷ ᠬᠤᠷᠠᠯ︾ ᠤᠨ ᠬᠤᠭᠤᠴᠠᠭᠠᠨ ᠳᠤ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠣᠷᠴᠢᠨ ᠢ ᠪᠣᠶ ᠪᠣᠯᠭᠠᠬᠤ ᠬᠡᠷᠡᠭᠲᠡᠶ ᠭᠡᠪᠡ᠃      ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂  ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ  ᠤᠷᠤᠯᠴᠠᠵᠠᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号