ᠵᠡᠭᠦᠨ ᠦᠵᠦᠮᠦᠴᠢᠨ ᠬᠤᠰᠢᠭᠤᠨ ᠤ ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠳᠤ ︽ᠲᠦᠷᠪᠡᠨ ᠴᠠᠭ  ᠤᠨ ᠦᠵᠦᠮᠦᠴᠢᠨ︾ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠤᠷᠤᠯᠳᠤᠭᠠᠨ ᠲᠡᠭᠦᠰ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2024/2/29
       ᠪᠦᠬᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠨᠡᠩ ᠰᠠᠶᠢᠲᠤᠷ ᠬᠥᠲᠥᠯᠥᠨ  ᠵᠢᠯᠤᠭᠤᠳᠴᠤ᠂ ᠳᠥᠷᠪᠡᠨ ᠴᠠᠭ ᠤᠨ ᠦᠵᠦᠮᠦᠴᠢᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠬᠦᠴᠦᠯᠡᠨ ᠦᠷᠭᠡᠳᠭᠡᠬᠦ ᠶᠢᠨ ᠲᠦᠯᠦᠭᠡ᠂ 1 ᠰᠠᠷ᠎ᠠ ᠶᠢᠨ 27 ᠤ ᠡᠳᠦᠷ᠂ ᠮᠠᠨ ᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ  ᠷᠠᠳᠢᠣ᠋ ᠲᠧᠯᠸᠢᠰ ᠤᠨ ᠲᠣᠪᠴᠢᠶ᠎ᠠ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠬᠢᠭᠤᠯᠬᠤ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠬᠤᠰᠢᠭᠤ ᠢᠦᠢ ᠭᠤᠸᠠᠨ ᠪᠡᠶ᠎ᠡ ᠲᠠᠮᠢᠷ ᠰᠣᠶᠣᠯ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠵᠦ᠂ ᠢᠦᠢ ᠭᠤᠸᠠᠨ  ᠪᠡᠶ᠎ᠡ ᠴᠢᠬᠢᠷᠠᠭᠵᠢᠭᠤᠯᠬᠤ ᠺᠢᠯᠥᠪ ᠠᠴᠠ ᠬᠠᠮᠵᠢᠯᠴᠠᠨ ᠡᠷᠬᠢᠯᠡᠭᠰᠡᠨ ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠳᠤ ︽ᠳᠥᠷᠪᠡᠨ ᠴᠠᠭ ᠤᠨ ᠦᠵᠦᠮᠦᠴᠢᠨ︾  ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃      ᠲᠣᠰ ᠤᠳᠠᠭᠠᠨ ᠤ ᠤᠷᠤᠯᠳᠤᠭᠠᠨ ᠳᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠬᠢ᠂ ᠪᠡᠶ᠎ᠡ ᠴᠢᠬᠢᠷᠠᠭᠵᠢᠭᠤᠯᠬᠤ ᠺᠯᠦ᠋ᠪ ᠠᠴᠠ ᠬᠦᠷᠦᠯᠴᠡᠨ ᠢᠷᠡᠭᠰᠡᠨ 50 ᠭᠠᠷᠤᠢ ᠲᠠᠮᠢᠷᠴᠢᠨ ᠣᠷᠤᠯᠴᠠᠵᠤ᠂ ᠤᠷᠤᠯᠳᠤᠭᠠᠨ ᠨᠢ 5 ᠺᠢᠯᠦᠮᠧᠲᠷ ᠤᠨ ᠬᠤᠯᠠ ᠭᠦᠶᠦᠯᠲᠡ᠂ ᠪᠡᠶ᠎ᠡ ᠪᠠᠨ ᠳᠠᠳᠠᠨ ᠳᠡᠭᠡᠭᠰᠢᠯᠡᠬᠦ᠂ ᠳᠡᠭᠡᠰᠦ ᠦᠰᠦᠷᠬᠦ᠂ ᠭᠤᠷᠪᠠᠨ ᠶᠡᠭᠡ ᠤᠷᠤᠯᠳᠤᠭᠠᠨ ᠵᠡᠷᠭᠡ ᠤᠷᠤᠯᠳᠤᠭᠠᠨ ᠤ ᠲᠦᠷᠦᠯ ᠵᠦᠢᠯ ᠳᠤ ᠬᠤᠪᠢᠶᠠᠵᠤ᠂ ᠠᠵᠢᠯᠯᠠᠭ᠎ᠠ ᠳᠤ ᠣᠷᠣᠯᠴᠠᠭᠰᠠᠨ ᠤᠯᠠᠨ ᠲᠦᠮᠡᠨ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠡᠷᠡᠭᠦᠯ ᠴᠢᠭᠢᠷᠠᠭ ᠪᠠ ᠪᠠᠶᠠᠷ ᠪᠠᠶᠠᠰᠤᠯ ᠲᠠᠢ ᠪᠤᠯᠭᠠᠵᠠᠢ᠃ ᠤᠷᠤᠯᠳᠤᠭᠠᠨ ᠤ ᠶᠠᠪᠤᠴᠠ ᠳᠤ ᠪᠦᠬᠦ ᠲᠠᠮᠢᠷᠴᠢᠳ ︽ᠨᠥᠬᠦᠷᠯᠡᠯ ᠨᠢᠭᠡᠳᠦᠭᠡᠷ ᠂ ᠤᠷᠤᠯᠳᠤᠭᠠᠨ ᠬᠤᠶᠠᠳᠤᠭᠠᠷ ᠂ ᠣᠷᠣᠯᠴᠠᠬᠤ ᠪᠠᠷ ᠭᠤᠣᠯᠳᠠᠯᠭ᠎ᠠ ᠪᠣᠯᠭᠠᠬᠤ︾ ᠤᠷᠤᠯᠳᠤᠭᠠᠨ ᠤ ᠳᠦᠷᠢᠮ ᠢ ᠵᠢᠷᠤᠮᠯᠠᠨ᠂ ᠴᠢᠷᠮᠠᠶᠢᠨ ᠤᠷᠤᠯᠳᠤᠵᠤ᠂  ᠥᠷᠭᠡᠨ ᠣᠯᠠᠨ ᠵᠠᠯᠠᠭᠤᠴᠤᠳ ᠤᠨ ᠴᠤᠭ ᠪᠠᠳᠠᠷᠠᠩᠭᠤᠢ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠡᠢ᠃    ᠨᠢᠭᠡ ᠡᠳᠦᠷ ᠤᠨ ᠬᠤᠷᠴᠠ ᠰᠢᠷᠦᠭᠦᠨ ᠦᠷᠢᠰᠦᠯᠳᠦᠭᠡᠨ ᠢᠶᠠᠷ ᠳᠡᠮᠵᠢᠨ᠂ ᠭᠤᠷᠪᠠᠨ ᠶᠡᠭᠡ ᠤᠷᠤᠯᠳᠤᠭᠠᠨ ᠳᠤ ᠪᠤᠶᠠᠨᠵᠢᠷᠭᠠᠯ ᠨᠢᠭᠡᠳᠦᠭᠡᠷ ᠲᠡᠰ ᠲᠤ ᠲᠣᠳᠤᠷᠠᠵᠤ᠂ ᠰᠠᠶᠢᠨᠴᠣᠭᠲᠤ ᠬᠤᠶᠠᠳᠤᠭᠠᠷ  ᠳᠡᠰ᠂ ᠰᠦᠮᠪᠦᠷ ᠭᠤᠷᠪᠠᠳᠤᠭᠠᠷ ᠲᠤ  ᠲᠣᠳᠤᠷᠠᠭᠰᠠᠨ ᠪᠠᠶᠢᠨ᠎ᠠ᠃ 5 ᠺᠢᠯᠣᠮᠧᠲᠷ ᠤᠨ ᠬᠤᠯᠠ ᠭᠦᠶᠦᠯᠲᠡ ᠶᠢᠨ ᠤᠷᠤᠯᠳᠤᠭᠠᠨ ᠳᠤ ᠶᠠᠨ ᠬᠠᠨ ᠨᠢᠭᠡᠳᠦᠭᠡᠷ ᠲᠤ ᠲᠣᠳᠤᠷᠠᠨ᠂ ᠢᠷᠦᠭᠡᠯᠲᠦ ᠬᠤᠶᠠᠳᠤᠭᠠᠷ  ᠳᠡᠰ᠂ ᠰᠤ᠋ ᠬᠠᠢ ᠯᠦᠩ ᠭᠤᠷᠪᠠᠳᠤᠭᠠᠷ ᠲᠤ ᠲᠣᠳᠤᠷᠠᠪᠠ᠃ ᠳᠡᠭᠡᠰᠦ ᠦᠰᠦᠷᠬᠦ ᠤᠷᠤᠯᠳᠤᠭᠠᠨ ᠳᠤ ᠯᠢ ᠶᠦᠩ ᠫᠢᠩ ᠨᠢᠭᠡᠳᠦᠭᠡᠷ ᠲᠤ  ᠲᠣᠳᠤᠷᠠᠨ᠂ ᠶᠠᠩ ᠯᠦ ᠬᠤᠶᠠᠳᠤᠭᠠᠷ ᠳᠡᠰ᠂ ᠷᠧᠨ ᠵᠢᠶᠠ ᠯᠧ ᠭᠤᠷᠪᠠᠳᠤᠭᠠᠷ ᠲᠤ ᠲᠣᠳᠤᠷᠠᠭᠰᠠᠨ ᠪᠠᠶᠢᠨ᠎ᠠ᠃ ᠦᠰᠦᠷᠦᠯᠲᠡ ᠶᠢᠨ ᠤᠷᠤᠯᠳᠤᠭᠠᠨ ᠳᠤ  ᠮᠦᠩᠬᠡ ᠨᠢᠭᠡᠳᠦᠭᠡᠷ ᠲᠤ ᠲᠣᠳᠤᠷᠠᠨ᠂ ᠯᠢ ᠱᠣᠣ ᠫᠧᠩ ᠬᠤᠶᠠᠳᠤᠭᠠᠷ ᠲᠤ ᠣᠷᠣᠵᠤ᠂ ᠵᠣᠣ ᠶᠠᠨ ᠭᠤᠷᠪᠠᠳᠤᠭᠠᠷ ᠲᠤ ᠤᠷᠤᠵᠠᠢ᠃ ᠪᠡᠶ᠎ᠡ ᠲᠠᠲᠠᠨ ᠳᠡᠭᠡᠭᠰᠢᠯᠡᠬᠦ ᠤᠷᠤᠯᠳᠤᠭᠠᠨ ᠳᠤ ᠮᠦᠩᠬᠡ ᠨᠢᠭᠡᠳᠦᠭᠡᠷ ᠲᠤ ᠣᠷᠣᠵᠤ᠂ ᠰᠦᠨᠳᠠᠯᠠᠢ ᠬᠤᠶᠠᠳᠤᠭᠠᠷ ᠲᠤ ᠣᠷᠣᠵᠤ᠂ ᠸᠠᠩ ᠴᠤᠸᠠᠨ ᠰᠢ ᠭᠤᠷᠪᠠᠳᠤᠭᠠᠷ ᠲᠤ  ᠲᠣᠳᠤᠷᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号