ᠠᠯᠲᠠᠨᠬᠢᠯᠢ ᠰᠣᠮᠣᠨ ᠤ ᠬᠠᠪᠤᠷ ᠤᠨ ᠤᠯᠠᠷᠢᠯ ᠤᠨ ᠠᠵᠢᠯ ᠡᠮᠬᠢ ᠵᠢᠷᠤᠮ  ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/2/29
      ᠬᠠᠪᠣᠷ ᠴᠠᠭ ᠬᠦᠷᠦᠨ ᠢᠷᠡᠵᠦ᠂ ᠶᠠᠭ ᠲᠥᠯ ᠲᠤᠰᠴᠤ ᠪᠣᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠵᠤ ᠪᠠᠶᠢᠨ᠎ᠠ᠂ ᠠᠯᠲᠠᠨᠬᠢᠯᠢ ᠰᠣᠮᠣ ᠨᠢ ᠴᠦ ︽ᠲᠥᠯ ᠲᠤᠰᠬᠤ ᠤᠯᠠᠷᠢᠯ︾ ᠢ ᠤᠭᠲᠤᠨ ᠠᠪᠴᠢᠷᠠᠵᠤ᠂ ᠮᠠᠯᠴᠢᠳ ᠶᠠᠭᠠᠷᠠᠯᠲᠠᠢ ᠪᠥᠭᠡᠳ ᠪᠠᠶᠠᠷ ᠬᠥᠷ ᠲᠠᠢ ᠴᠠᠭ ᠮᠥᠴᠡ ᠪᠠᠨ ᠡᠬᠢᠯᠡᠭᠦᠯᠵᠦ᠂ ︽ᠰᠢᠨ᠎ᠡ ᠠᠮᠢ ᠨᠠᠰᠤ︾ ᠶᠢᠨ ᠮᠡᠨᠳᠦᠯᠡᠭᠰᠡᠨ ᠨᠢ ᠴᠦ ᠡᠨᠡ ᠬᠦ ᠬᠦᠳᠡᠭᠡ ᠨᠤᠲᠤᠭ ᠲᠤ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃      ᠬᠠᠪᠣᠷ ᠴᠠᠭ ᠨᠢ ᠮᠠᠯᠴᠢᠳ ᠤᠨ ᠨᠢᠭᠡ ᠵᠢᠯ ᠤᠨ ᠬᠤᠷᠢᠶᠠᠯᠲᠠ ᠶᠢ ᠲᠣᠭᠲᠠᠭᠠᠬᠤ ᠪᠠᠷ ᠪᠠᠷᠠᠬᠤ ᠦᠭᠡᠢ᠂ ᠪᠥᠬᠦ ᠰᠤᠮᠤᠨ ᠤ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠲᠠᠢ ᠬᠤᠯᠪᠣᠭᠳᠠᠨ᠎ᠠ᠂  ᠠᠯᠲᠠᠨᠬᠢᠯᠢ ᠰᠣᠮᠣ ᠨᠢ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠠᠪᠤᠷ ᠤᠨ ᠤᠯᠠᠷᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠶᠡᠭᠡ ᠪᠠᠷ  ᠪᠠᠲᠣᠯᠠᠭᠰᠠᠨ ᠪᠠᠶᠢᠨ᠎ᠠ᠃      ᠡᠷᠦᠬᠡ ᠳᠤ ᠣᠷᠣᠬᠤ᠂ ᠤᠲᠠᠰᠤ ᠪᠠᠷ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠮᠠᠯᠴᠢᠨ ᠲᠦᠮᠡᠨ ᠤ ᠡᠪᠡᠰᠦ ᠪᠣᠷᠳᠤᠭ᠎ᠠ ᠨᠦᠭᠡᠴᠡᠯᠡᠭᠰᠡᠨ ᠪᠠᠶᠢᠳᠠᠯ᠂ ᠲᠡᠵᠢᠭᠡᠨ ᠠᠷᠠᠴᠢᠯᠠᠬᠤ ᠬᠠᠮᠢᠶᠠᠷᠤᠯᠲᠠ ᠵᠢᠴᠢ ᠲᠥᠯ ᠲᠣᠰᠣᠭᠰᠠᠨ ᠪᠠᠶᠢᠳᠠᠯ ᠵᠡᠷᠭᠡ  ᠢ ᠴᠠᠭ ᠲᠤᠬᠠᠢ ᠳᠤᠨᠢ ᠡᠵᠡᠮᠰᠢᠵᠦ᠂ ᠡᠭᠦᠨ ᠤ ᠬᠠᠮᠲᠤ ᠣᠶᠢᠷ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤᠨ ᠪᠠᠶᠢᠳᠠᠯ  ᠳᠤ ᠬᠠᠨᠳᠣᠭᠤᠯᠣᠨ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠠᠰᠢᠭ ᠦᠭᠡᠢ ᠨᠥᠯᠥᠭᠡ ᠦᠵᠡᠭᠦᠯᠦᠭᠰᠡᠨ ᠪᠣᠳᠠᠲᠤ ᠪᠠᠶᠢᠳᠠᠯ ᠳᠤ ᠴᠢᠭᠯᠡᠭᠦᠯᠦᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠤᠶᠠᠷ ᠰᠠᠷ᠎ᠠ  ᠠᠴᠠ ᠨᠠᠰᠢ᠂ 10 ᠭᠠᠷᠤᠢ ᠤᠳᠠᠭ᠎ᠠ ᠤᠳᠬᠤᠭᠤᠷ ᠲᠡᠷᠭᠡ ᠬᠥᠳᠡᠯᠭᠡᠵᠦ᠂ 200 ᠭᠠᠷᠤᠢ ᠺᠢᠯᠣᠮᠧᠲᠷ ᠬᠦᠳᠡᠭᠡᠨ ᠤ ᠭᠤᠣᠯ ᠵᠠᠮ ᠢ ᠰᠠᠭᠠᠳ ᠦᠭᠡᠢ ᠨᠠᠪᠲᠠᠷᠡᠭᠦᠯᠵᠦ᠂ ᠮᠠᠯᠴᠢᠨ ᠲᠦᠮᠡᠨ ᠤ ᠡᠪᠡᠰᠦ ᠪᠣᠷᠳᠤᠭ᠎ᠠ ᠵᠥᠭᠡᠭᠡᠪᠦᠷᠢᠯᠡᠨ ᠣᠷᠣᠭᠤᠯᠬᠤ ᠳᠤ ᠨᠥᠬᠦᠴᠡᠯ ᠪᠦᠷᠢᠯᠳᠦᠭᠦᠯᠵᠦ ᠥᠭᠴᠡᠢ᠃      ᠰᠤᠮᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠦᠭᠡᠮᠡᠯᠵᠢᠭᠦᠯᠬᠦ ᠲᠥᠪ ᠤᠨ ᠠᠵᠢᠯᠲᠠᠳ ᠢ ᠵᠣᠬᠢᠶᠠᠨ ᠪᠠᠶᠢᠭᠤᠯᠤᠨ ᠮᠠᠯᠵᠢᠬᠤ ᠡᠷᠦᠬᠡ ᠳᠤ ᠭᠦᠨᠵᠡᠭᠡᠶᠢᠷᠡᠭᠦᠯᠦᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠦᠢᠯᠡᠴᠢᠯᠡᠨ ᠵᠢᠯᠤᠭᠤᠳᠴᠤ᠂ ᠮᠠᠯ ᠰᠦᠷᠦᠭ ᠤᠨ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠴᠠᠭ ᠲᠤᠬᠠᠢ ᠳᠤᠨᠢ ᠡᠮᠨᠡᠨ ᠵᠠᠰᠠᠵᠤ᠂ ᠬᠠᠪᠣᠷ ᠤᠨ ᠠᠵᠢᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠠᠢ᠃      ᠤᠬᠠᠭᠤᠯᠭ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠸᠢᠴᠠᠲ ᠤᠨ ᠲᠠᠪᠴᠠᠩ᠂ ᠸᠢᠴᠠᠲ ᠤᠨ ᠬᠤᠯᠪᠣᠭ᠎ᠠ ᠵᠡᠷᠭᠡ ᠶᠢ ᠭᠦᠢᠴᠡᠳ ᠠᠰᠢᠭᠯᠠᠨ᠂ ᠨᠠᠮ ᠪᠠ ᠤᠯᠤᠰ ᠤᠨ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠵᠢᠴᠢ ᠠᠮᠢᠲᠠᠨ ᠤ ᠬᠢᠵᠢᠭ ᠢ ᠰᠡᠷᠭᠡᠶᠢᠯᠡᠬᠦ᠂ ᠲᠥᠯ ᠲᠤᠰᠴᠤ ᠪᠣᠶᠢᠵᠢᠭᠤᠯᠬᠤ ᠵᠡᠷᠭᠡ ᠲᠠᠯ᠎ᠠ ᠶᠢᠨ ᠬᠡᠷᠡᠭᠯᠡᠭᠡᠨ ᠤ ᠮᠡᠷᠭᠡᠵᠢᠯ ᠢ ᠶᠡᠬᠡᠪᠡᠷ ᠤᠬᠠᠭᠤᠯᠵᠤ᠂ ᠮᠠᠨ ᠤ ᠰᠣᠮᠣᠨ ᠤ ᠬᠠᠪᠤᠷ ᠤᠨ ᠤᠯᠠᠷᠢᠯ ᠤᠨ ᠲᠥᠯ ᠲᠤᠰᠬᠤ ᠠᠵᠢᠯ ᠢ ᠦᠨᠡᠨᠬᠦ ᠬᠠᠮᠠᠭᠠᠯᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号