ᠠᠯᠲᠠᠨᠬᠢᠯᠢ ᠰᠤᠮᠤ ᠨᠢ ᠪᠤᠲᠠᠲᠤ ᠠᠵᠢᠯᠯᠠᠭ᠎ᠠ ᠪᠠᠷ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠢᠯᠡᠲᠤᠯᠬᠡᠵᠢᠬᠦᠯᠵᠤ ᠪᠤᠢ
ᠨᠡᠶᠢᠲᠡᠯᠡᠭᠰᠡᠨ ᠴᠠᠭ᠄
2024/2/29
      ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ  ᠨᠠᠶᠢᠲᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠲᠠᠨᠢᠭᠤᠯᠤᠨ ᠣᠶᠢᠯᠠᠭᠠᠭᠤᠯᠬᠤ ᠶᠢᠨ ᠲᠦᠯᠤᠬᠡ᠂ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤ ᠨᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠣᠭᠤᠷᠢᠨ ᠳᠤ᠂ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠭᠤᠤᠯ ᠰᠠᠲᠤᠪᠲᠤ ᠬᠦᠲᠠᠯᠬᠡᠬᠡᠨ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠤᠲᠠᠲᠤ ᠠᠵᠢᠯᠯᠠᠭ᠎ᠠ ᠪᠠᠷ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠢᠯᠡᠲᠤᠯᠬᠡᠵᠢᠬᠦᠯᠵᠤ ᠪᠤᠢ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢᠵᠢᠭᠦᠯᠬᠦ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠨ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠲᠠᠨᠢᠵᠤ ᠣᠶᠢᠯᠠᠭᠠᠬᠤ ᠪᠠᠷ ᠬᠠᠪᠰᠤᠷᠤᠨ ᠵᠢᠯᠤᠭᠤᠳᠬᠤ ᠪᠢᠴᠢᠭ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠩᠭᠢ ᠶᠢ ᠵᠣᠬᠢᠶᠠᠨ ᠪᠠᠶᠢᠭᠤᠯᠤᠨ᠂ ᠨᠢᠭᠤᠷᠲᠠᠨ ᠬᠥᠲᠥᠯᠥᠨ ᠳᠠᠭᠠᠭᠤᠯᠬᠤ ᠬᠥᠮᠦᠵᠢᠯ᠂ ᠬᠤᠪᠢᠶᠠᠨ ᠡᠳ᠋ᠯᠡᠬᠦ ᠮᠠᠶ᠋ᠢᠭ ᠤᠨ ᠥᠪᠡᠷ ᠤᠨ ᠬᠥᠮᠦᠵᠢᠯ᠂ ᠲᠦᠷᠤᠯ ᠠᠩᠬᠢᠯᠠᠬᠤ ᠮᠠᠶ᠋ᠢᠭ ᠤᠨ ᠰᠤᠷᠤᠯᠴᠠᠯᠭ᠎ᠠ ᠬᠥᠮᠦᠵᠢᠯ᠂ ᠣᠯᠠᠨ ᠲᠦᠮᠡᠨᠴᠢ ᠮᠠᠶ᠋ᠢᠭ ᠤᠨ ᠤᠬᠠᠭᠤᠯᠭ᠎ᠠ ᠬᠥᠮᠦᠵᠢᠯ ᠵᠡᠷᠬᠡ ᠠᠷᠭ᠎ᠠ ᠪᠠᠷ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ ︵ᠥᠷᠲᠡᠭᠡ︶᠂ ︽ᠠᠨᠠᠷ ᠤᠨ ᠬᠢᠴᠢᠶᠡᠯ ᠤᠨ ᠲᠠᠩᠬᠢᠮ︾᠂ ᠨᠠᠮ ᠤᠨ ᠭᠡᠰᠢᠭᠦᠨ ᠭᠤᠤᠯᠯᠠᠬᠤ ᠡᠷᠦᠬᠡ᠂ ︽ᠪᠢᠴᠢᠯ ᠲᠠᠪᠴᠠᠩ︾ ᠵᠡᠷᠭᠡ ᠠᠴᠢᠶᠠᠯᠠᠪᠤᠷᠢ ᠳᠤ ᠲᠦᠰᠢᠭᠯᠡᠨ᠂ ᠬᠥᠭᠵᠢᠯᠲᠡ ᠶᠢᠨ ᠲᠠᠩᠰᠠ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠺᠠᠷᠲ᠂ ᠣᠳᠣᠬᠢᠴᠢᠯᠠᠭᠰᠠᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠭᠤᠣᠯᠳᠠᠯᠭ᠎ᠠ ᠲᠠᠢ ᠰᠠᠶᠢᠲᠤᠷ ᠬᠡᠷᠡᠭᠯᠡᠵᠦ᠂ ᠥᠷᠭᠡᠨ ᠤᠯᠠᠨ ᠮᠠᠯᠴᠢᠨ ︵ᠰᠠᠭᠤᠭᠠᠯᠢ︶ ᠲᠦᠮᠡᠨ ᠳᠤ ᠬᠠᠨᠳᠤᠭᠤᠯᠤᠨ 50 ᠭᠠᠷᠤᠢ ᠤᠲᠠᠭ᠎ᠠ ᠲᠠᠯᠠᠪᠤᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠶᠠᠪᠤᠭᠲᠠᠭᠤᠯᠵᠤ᠂ 1800 ᠭᠠᠷᠤᠢ ᠮᠠᠯᠴᠢᠨ ᠲᠦᠮᠡᠨ ᠢ ᠬᠦᠯᠢᠶᠡᠨ ᠠᠪᠴᠤ᠂ ᠥᠷᠭᠡᠨ ᠤᠯᠠᠨ ᠲᠦᠮᠡᠨ ᠳᠤ ︽ᠠᠰᠢᠭ ᠬᠦᠷᠲᠡᠭᠡᠬᠦ︾ ᠨᠢ ᠬᠠᠮᠢᠭ᠎ᠠ ᠠᠴᠠ ᠢᠷᠡᠭᠰᠡᠨ ᠢ ᠣᠶᠢᠯᠠᠭᠠᠭᠤᠯᠪᠠ᠃      ᠪᠣᠳᠠᠲᠤ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢᠶᠠᠷ ᠭᠤᠣᠯ ᠬᠦᠴᠦᠨ ᠪᠤᠯᠭᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠢᠶᠠᠷ ᠦᠢᠯᠡᠴᠢᠯᠡᠬᠦ ᠡᠲᠡᠭᠡᠳ ᠢᠶᠠᠨ ᠪᠣᠯᠭᠠᠵᠤ᠂ ︽ᠪᠢᠴᠢᠯ ᠬᠦᠰᠡᠯ︾ ᠤᠨ ᠨᠠᠷᠢᠨ ᠲᠠᠩᠰᠠ ᠶᠢ ᠲᠤᠭᠲᠠᠭᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠢ 16 ᠵᠤᠷᠪᠤᠰ ᠴᠤᠭᠯᠠᠭᠤᠯᠵᠤ᠂ ᠤᠯᠠᠨ ᠲᠦᠮᠡᠨ ᠤ ᠳᠡᠷᠭᠡᠳᠡᠬᠢ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ 20 ᠭᠠᠷᠤᠢ ᠤᠲᠠᠭ᠎ᠠ ᠰᠢᠢᠳᠪᠦᠷᠢᠯᠡᠪᠠ᠃ ︽ᠤᠳᠤᠷᠢᠳᠤᠯᠭ᠎ᠠ ᠭᠠᠴᠠᠭ᠎ᠠ ᠳᠠᠭᠠᠭᠠᠴᠢᠯᠠᠬᠤ᠂ ᠺᠠᠳ᠋ᠷ ᠲᠤᠤᠷᠵᠢᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠡᠷᠦᠬᠡ ᠳᠤ ᠬᠦᠨᠵᠡᠬᠡᠶᠢᠷᠠᠨ ᠰᠤᠷᠪᠤᠯᠵᠢᠯᠠᠬᠤ᠂ ᠤᠲᠠᠰᠤ ᠪᠠᠷ ᠬᠤᠯᠪᠤᠭᠠᠯᠠᠨ ᠰᠤᠷᠪᠤᠯᠵᠢᠯᠠᠬᠤ᠂ ᠸᠠᠴᠠᠲ ᠪᠠᠷ ᠠᠰᠠᠭᠤᠨ ᠰᠤᠷᠪᠤᠯᠵᠢᠯᠠᠬᠤ᠂ ᠲᠤᠬᠠᠢ ᠶᠢᠨ ᠲᠠᠯᠠᠪᠤᠷ ᠲᠤ ᠰᠣᠷᠪᠤᠯᠵᠢᠯᠠᠭ᠎ᠠ ᠬᠦᠯᠢᠶᠡᠬᠦ ᠵᠡᠷᠭᠡ ᠠᠷᠭ᠎ᠠ ᠪᠠᠷ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ︽ᠡᠭᠦᠳᠡ ᠲᠣᠭᠰᠢᠬᠤ ᠠᠵᠢᠯᠯᠠᠭ᠎ᠠ︾ ᠪᠠᠷ ᠳᠠᠮᠵᠢᠭᠤᠯᠵᠤ᠂ ᠵᠥᠷᠢᠴᠡᠯ ᠵᠢᠭᠤᠷᠭᠠᠨ ᠢ ᠡᠶᠠᠲᠠᠬᠦᠯᠤᠨ ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ᠂ ᠬᠤᠣᠰ ᠳᠠᠭᠠᠳᠬᠠᠯ ᠢ ᠬᠤᠷᠢᠶᠠᠨ ᠠᠪᠬᠤ ᠵᠡᠷᠭᠡ ᠠᠵᠢᠯ ᠢ 20 ᠭᠠᠷᠤᠢ ᠤᠳᠠᠭ᠎ᠠ ᠥᠷᠨᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ᠂ ᠠᠬᠠᠮᠠᠳ ᠨᠠᠮ ᠤᠨ ᠭᠡᠰᠢᠭᠦᠨ᠂ ᠬᠢᠯᠢ ᠶᠢᠨ ᠬᠠᠮᠠᠭᠠᠯᠠᠭᠴᠢ ᠵᠡᠷᠭᠡ 100 ᠭᠠᠷᠤᠢ ᠡᠷᠦᠬᠡ ᠶᠢ ᠲᠣᠬᠤᠨᠢᠭᠤᠯᠵᠤ᠂ ᠡᠪᠤᠯ ᠤᠨ ᠲᠤᠯᠠᠭᠠᠯᠠᠭ᠎ᠠ ᠶᠢᠨ ᠨᠠᠬᠦᠷᠠᠰᠤ 97 ᠲᠣᠨ ᠲᠠᠷᠬᠠᠭᠠᠵᠤ᠂  ᠴᠠᠰᠤ ᠬᠤᠷᠠᠭᠰᠠᠨ ᠵᠠᠮ 2000 ᠭᠠᠷᠤᠢ ᠤᠲᠠᠭ᠎ᠠ ᠺᠢᠯᠣᠮᠧᠲᠷ ᠨᠠᠪᠲᠠᠷᠡᠭᠦᠯᠪᠠ᠃      ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ ︵ᠦᠷᠳᠡᠭᠡ︶᠂ ᠨᠠᠮ ᠤᠨ ᠭᠡᠰᠢᠭᠦᠨ ᠭᠤᠤᠯᠯᠠᠬᠤ ᠡᠷᠦᠬᠡ᠂ ᠡᠮᠡᠭᠲᠡᠶᠢᠴᠦᠳ ᠤᠨ ᠭᠡᠷ ᠵᠡᠷᠭᠡ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠠᠴᠢ ᠤᠨ ᠦᠯᠢᠭᠡᠷ ᠢ ᠤᠯᠠᠨ ᠢᠶᠠᠷ ᠢᠶᠠᠨ ᠶᠠᠷᠢᠬᠤ︾᠂ ︽ᠰᠢᠨ᠎ᠠ ᠴᠠᠭ ᠦᠶ᠎ᠠ ᠶᠢᠨ ᠮᠠᠯᠴᠢᠳ ᠤᠨ ᠵᠤᠯᠪᠤᠭ᠎ᠠ —— ᠵᠣᠯ ᠵᠢᠷᠭᠠᠯᠲᠤ ᠠᠮᠢᠳᠤᠷᠠᠯ︾᠂ ︽ᠬᠠᠭᠤᠴᠢᠨ ᠰᠡᠭᠦᠳᠡᠷ ᠢᠶᠠᠨ ᠡᠷᠢᠵᠦ᠂ ᠰᠢᠨ᠎ᠡ ᠬᠤᠪᠢᠷᠠᠯᠲᠠ ᠶᠢ ᠶᠠᠷᠢᠯᠴᠠᠬᠤ︾᠂ ︽ᠬᠠᠶᠢᠷ᠎ᠠ ᠰᠢᠩᠬᠡᠭᠰᠠᠨ ᠰᠠᠬᠡᠬᠡᠲᠠᠨ ᠪᠢᠲᠠᠨ ᠤ ᠬᠤᠶᠠᠲᠤᠭᠠᠷ ᠨᠤᠲᠤᠭ︾ ᠵᠡᠷᠭᠡ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷ ᠪᠣᠯᠣᠨ ᠮᠠᠯᠴᠢᠨ ᠲᠦᠮᠡᠨ ᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠶᠢᠨ ᠬᠠᠮᠲᠤ ᠨᠡᠶᠢᠲᠡᠯᠢᠭ ᠵᠢᠱᠢᠶ᠎ᠡ ᠪᠠᠷ ᠵᠠᠮᠴᠢᠯᠠᠬᠤ ᠶᠢ ᠣᠨᠴᠠᠭᠠᠶᠢᠯᠠᠨ ᠴᠢᠬᠤᠯᠠᠴᠢᠯᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ︾᠂ ︽ᠴᠢᠨᠡᠭᠡᠯᠢᠭᠵᠢᠭᠦᠯᠬᠦ ᠴᠢᠳᠠᠪᠤᠷᠢᠲᠠᠨ︾ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠵᠣᠬᠢᠶᠠᠨ ᠪᠠᠶᠢᠭᠤᠯᠤᠨ ᠴᠢᠨᠡᠭᠡᠯᠢᠭᠵᠢᠭᠦᠯᠬᠦ ᠲᠡᠮᠡᠴᠡᠯ ᠤᠨ ᠦᠯᠢᠭᠡᠷ ᠢ ᠶᠠᠷᠢᠭᠤᠯᠵᠤ᠂ ᠲᠡᠷᠡᠴᠢᠯᠡᠨ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶ᠎ᠠ᠂ ᠰᠢᠯᠢ ᠶᠢᠨ ᠭᠤᠣᠯ ᠤᠨ ᠡᠳᠦᠷ ᠤᠨ ᠰᠣᠨᠢᠨ᠂ ᠵᠡᠭᠦᠨ ᠦᠵᠦᠮᠦᠴᠢᠨ ᠬᠤᠰᠢᠭᠤᠨ ᠤ ᠤᠬᠠᠭᠤᠯᠭ᠎ᠠ ᠶᠢᠨ ᠲᠠᠪᠴᠠᠩ᠂ ᠲᠦᠷᠪᠡᠨ ᠴᠠᠭ ᠤᠨ ᠦᠵᠦᠮᠦᠴᠢᠨ ᠵᠡᠷᠭᠡ ᠭᠤᠣᠯ ᠵᠠᠭᠤᠴᠢᠯᠠᠭᠤᠷ ᠲᠤ ᠤᠯᠠᠨ ᠤᠳᠠᠭ᠎ᠠ ᠮᠡᠳᠡᠭᠡᠯᠡᠯ ᠨᠡᠶᠢᠲᠡᠯᠡᠵᠦ᠂ ᠮᠠᠯᠴᠢᠨ ᠲᠦᠮᠡᠨ ᠢ ᠵᠢᠯᠣᠭᠤᠳᠤᠨ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠶᠢ ᠡᠷᠬᠢᠮᠯᠡᠬᠦ ᠰᠠᠶᠢᠨ ᠰᠠᠶᠢᠬᠠᠨ ᠠᠬᠤᠷ ᠠᠮᠢᠰᠬᠤᠯ ᠢ ᠪᠤᠢ ᠪᠤᠯᠭᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号