ᠰᠠᠮᠠᠢ ᠰᠣᠮᠣᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ  ᠭᠤᠣᠯ ᠳᠤᠭᠤᠶᠢᠯᠠᠩ  ᠨᠢ 2024 ᠣᠨ ᠤ ᠭᠤᠷᠪᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
      2 ᠰᠠᠷ᠎ᠠ ᠶᠢᠨ 28 ᠤ ᠡᠳᠦᠷ᠂ ᠰᠠᠮᠠᠢ  ᠰᠣᠮᠣᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ  ᠶᠢᠨ ᠭᠤᠣᠯ ᠳᠤᠭᠤᠶᠢᠯᠠᠩ ᠨᠢ 2024 ᠣᠨ ᠤ ᠭᠤᠷᠪᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠷᠡᠶᠢᠪᠠᠨᠽᠠᠷ ᠨᠥᠬᠦᠷ ᠡᠷᠬᠢᠯᠡᠵᠦ᠂ ᠰᠤᠮᠤᠨ ᠤ ᠨᠠᠮ ᠵᠠᠰᠠᠭ ‍ᠤᠨ‌ᠤᠳᠤᠷᠢᠳᠬᠤ ᠪᠠᠭ ᠤᠨ  ᠭᠡᠰᠢᠭᠦᠨ ᠵᠢᠴᠢ ᠨᠠᠮ ᠤᠨ ᠭᠡᠰᠢᠭᠦᠨ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠳᠤᠭᠠᠷ ᠤᠳᠠᠭ᠎ᠠ ᠶᠢᠨ ᠪᠠ ᠠᠷᠪᠠᠨ ᠨᠢᠭᠡᠳᠦᠭᠡᠷ ᠤᠳᠠᠭ᠎ᠠ  ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ 《 ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ 》᠂ 《 ᠵᠣᠭᠤᠰ ᠢᠶᠠᠷ ᠲᠣᠷᠭᠠᠬᠤ ᠶᠢ ᠲᠣᠭᠲᠠᠭᠠᠬᠤ ᠪᠠ ᠬᠡᠷᠡᠭᠵᠢᠭᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ 》᠂ 《 ᠰᠢ ᠶᠢᠨ ᠫᠢᠩ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ 》᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ  ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ‌‍ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ 《 ᠨᠢᠭᠡᠳᠦᠭᠡᠷ ᠵᠥᠪᠯᠡᠬᠦ ᠰᠡᠳᠦᠪ 》 ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠶᠠᠷ ᠶᠡᠭᠡ ᠶᠠᠪᠤᠳᠠᠯ ᠳᠤ ᠦᠶᠯᠡᠴᠢᠯᠡᠬᠦ ᠪᠠᠲᠤᠯᠠᠬᠤ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠪᠠ ᠪᠣᠳᠠᠲᠠᠶ ᠦᠷ᠎ᠡ ᠪᠦᠲᠦᠮᠵᠢ ᠪᠣᠯᠭᠠᠨ ᠲᠠᠰᠤᠷᠠᠯᠲᠠ ᠥᠬᠡᠶ ᠬᠤᠪᠢᠷᠠᠭᠤᠯᠬᠤ ᠬᠡᠷᠡᠭᠲᠡᠶ᠃ ᠬᠤᠶᠠᠷ ᠲᠤ ᠣᠳᠣᠷᠢᠳᠬᠤ ᠪᠠᠭ ᠤᠨ ᠭᠡᠰᠢᠭᠦᠨ ᠬᠦᠳᠦᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ 《 ᠨᠠᠮ ᠤᠨ ᠠᠴᠢ ᠶᠢ ᠬᠠᠷᠢᠭᠤᠯᠬᠤ᠂ ᠨᠠᠮ ᠤᠨ ᠦᠭᠡ  ᠶᠢ ᠰᠣᠨᠣᠰᠬᠤ᠂ ᠨᠠᠮ ᠢᠶᠠᠨ ᠲᠠᠭᠠᠬᠤ 》ᠲᠠᠯ᠎ᠠ ᠪᠠᠷ ᠳᠠᠭᠤᠷᠢᠶᠠᠯ ᠪᠤᠯᠵᠤ᠂ ᠺᠠᠳ᠋ᠷ ᠠᠵᠢᠯᠳᠠᠨ ᠥᠪᠡᠷ ᠥᠪᠡᠷ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠪᠡᠶᠡᠯᠡᠭᠦᠯᠬᠦ ᠶᠢᠨ ᠬᠠᠮᠲᠤ᠂ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠵᠡᠷᠭᠡ ᠪᠠᠷ ᠠᠬᠢᠭᠤᠯᠬᠤ ᠬᠡᠷᠡᠭᠲᠡᠢ᠃ ᠭᠤᠷᠪᠠ ᠳᠤ ᠠᠶᠤᠯᠭᠦᠢ ᠦᠢᠯᠡᠳᠪᠦᠷᠢᠯᠡᠯ ᠤᠨ        《 ᠰᠡᠷᠭᠡᠶᠢᠯᠡᠯᠲᠡ ᠶᠢᠨ ᠬᠡᠷᠡᠮ 》 ᠢ ᠦᠷᠭᠦᠯᠵᠢᠯᠡᠨ ᠪᠠᠲᠤ ᠴᠣᠭᠴᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ  ᠤᠨ ᠡᠯ᠎ᠡ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠠᠨ ᠰᠠᠷ᠎ᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠢᠳᠡᠪᠬᠢᠲᠡᠢ ᠥᠷᠨᠢᠭᠦᠯᠵᠦ᠂ ᠨᠢᠭᠲᠠ ᠴᠢᠩᠭ᠎ᠠ ᠪᠠᠶᠢᠷᠢᠯᠠᠭᠤᠯᠤᠯᠲᠠ᠂ ᠪᠦᠲᠦᠮᠵᠢᠲᠡᠢ ᠠᠷᠭ᠎ᠠ ᠬᠡᠮᠵᠢᠶ᠎ᠡ᠂ ᠲᠣᠳᠣᠷᠬᠠᠢ ᠬᠠᠷᠢᠭᠤᠴᠠᠯᠭ᠎ᠠ᠂ ᠬᠦᠴᠦᠲᠡᠢ ᠰᠡᠷᠭᠡᠶᠢᠯᠡᠯᠲᠡ  ᠶᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠳᠬᠤᠵᠤ᠂ 《 ᠮᠣᠩᠭᠤᠯ ᠮᠣᠷᠢᠨ ᠤ ᠵᠣᠷᠢᠭ ᠰᠠᠨᠠᠭ᠎ᠠ 》ᠪᠣᠯᠤᠨ《 ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ 》 ᠶᠢ ᠶᠡᠭᠡ ᠪᠠᠷ ᠪᠠᠳᠠᠷᠠᠭᠤᠯᠵᠤ᠂ ᠭᠤᠤᠯ ᠰᠡᠳᠦᠪᠲᠦ ᠬᠥᠮᠦᠵᠢᠯ ᠤᠨ ᠣᠨᠣᠯ ᠤᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ 《 ᠲᠠᠪᠤᠨ ᠶᠡᠭᠡ ᠡᠭᠦᠷᠭᠡ 》 ᠪᠣᠯᠤᠨ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号