11 ᠳ᠋ᠤᠭᠡᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/2/29
      ★11 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠬᠢᠯᠡᠵᠤ᠂ ᠪᠦᠬᠦ ᠬᠤᠰᠢᠭᠤᠨ ᠤ ᠭᠠᠵᠠᠷ ᠤᠨ ᠲᠡᠰ ᠤᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠤᠶᠠᠯᠳᠤᠭᠤᠯᠤᠭᠰᠠᠨ︾ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢ ᠰᠤᠷᠤᠯᠴᠠᠭᠤᠯᠪᠠ᠃ ᠪᠥᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠢᠯᠡᠭᠦᠦ ᠨᠢᠭᠡ ᠬᠤᠪᠢ ᠣᠶᠢᠯᠠᠭᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠢ ᠳᠠᠶᠢᠴᠢᠯᠠᠨ ᠭᠦᠨᠵᠡᠭᠡᠢ ᠰᠤᠷᠤᠯᠴᠠᠵᠤ ᠨᠢᠮᠪᠠᠢ ᠣᠶᠢᠯᠠᠭᠠᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠡ᠃       11 ᠰᠠᠷ᠎ᠠ ᠶᠢᠨ 9 ᠤ ᠡᠳᠦᠷ  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠨᠠᠷ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠬᠠᠮᠲᠤ ᠶᠢᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠶᠢᠨ ᠪᠠᠶᠢᠭᠤᠯᠤᠯᠲᠠ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠲᠠᠯ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠ ᠵᠢᠯᠣᠭᠤᠳᠤᠯᠭ᠎ᠠ ᠬᠢᠵᠦ᠂ ᠤᠯᠢᠶᠠᠰᠤᠲᠠᠢ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠵᠧᠦ ᠢᠦᠢ ᠯᠦᠩ ᠨᠥᠬᠦᠷ ᠮᠠᠯᠴᠢᠳ ᠤᠨ ᠮᠠᠯ ᠤᠨ ᠭᠠᠷᠭᠠᠯᠲᠠ᠂ ᠡᠪᠡᠰᠦ ᠪᠣᠷᠳᠤᠭ᠎ᠠ ᠶᠢᠨ ᠨᠥᠭᠡᠴᠡ᠂ ᠡᠪᠦᠯ ᠤᠨ ᠳᠤᠯᠠᠭᠠᠯᠠᠭ᠎ᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠵᠡᠷᠭᠡ ᠪᠠᠶᠢᠳᠠᠯ ᠢ ᠨᠠᠷᠢᠨ ᠠᠰᠠᠭᠤᠵᠤ᠂ ᠡᠭᠦᠨ ᠤ ᠬᠠᠮᠲᠤ᠂ ᠤᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠢᠨᠵᠧᠨᠧᠷᠢᠩ ᠢ ᠨᠠᠷᠢᠯᠢᠭ ᠤᠨᠤᠪᠴᠢᠲᠡᠢ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ︽ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ︾ ᠵᠠᠷᠴᠢᠮ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠱᠢᠶ᠎ᠡ ᠦᠵᠡᠭᠦᠯᠵᠦ ᠬᠠᠪᠰᠤᠷᠤᠨ ᠲᠡᠳᠬᠦᠵᠦ ᠳᠠᠶᠢᠴᠢᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠮᠠᠯᠴᠢᠳ ᠤᠨ ᠲᠠᠩᠰᠠ ᠪᠤᠳᠤᠵᠤ ᠠᠵᠤ ᠡᠷᠬᠢᠯᠡᠬᠦ᠂ ᠠᠵᠢᠯᠴᠢ ᠠᠷᠪᠢᠴᠢ ᠪᠠᠷ ᠪᠠᠶᠠᠵᠢᠨ ᠴᠢᠨᠡᠭᠡᠯᠢᠭᠵᠢᠵᠦ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠪᠡ᠃      ᠮᠥᠨ ᠡᠳᠦᠷ ᠲᠤ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ ᠠᠮᠢ ᠨᠠᠰᠤ ᠶᠢ ᠳᠡᠭᠡᠳᠦᠯᠡᠬᠦ︾ ᠪᠠᠷ ᠭᠤᠣᠯ ᠰᠡᠳᠦᠪ ᠪᠣᠯᠭᠠᠭᠰᠠᠨ 2023 ᠣᠨ ᠤ ᠪᠥᠬᠦ ᠤᠯᠤᠰ ᠤᠨ ︽119︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠡᠭᠦᠨ ᠦᠵᠦᠮᠦᠴᠢᠨ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠴᠧᠨ ᠽᠠᠢ ᠯᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠡ᠃ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳᠠᠭᠤᠲᠤᠨᠠᠭᠤᠷ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠡ᠃      ★ 11 ᠰᠠᠷ᠎ᠠ ᠶᠢᠨ 13 ᠤ ᠡᠳᠦᠷ  ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠂ ᠲᠣᠰ ᠤᠳᠠᠭᠠᠨ ᠤ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠬᠤᠭᠤᠴᠠᠭ᠎ᠠ ᠨᠢ 1 ᠡᠳᠦᠷ ᠪᠣᠯᠣᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ ᠲᠣᠭᠲᠠᠭᠠᠬᠤ︾ ᠶᠢ ᠨᠠᠩ ᠤᠬᠠᠮᠰᠠᠷ ᠠᠴᠠ ᠪᠠᠨ ᠬᠦᠷᠢᠶᠡᠯᠡᠬᠦ ᠶᠢ ᠬᠥᠲᠥᠯᠥᠨ ᠵᠢᠯᠤᠭᠤᠳᠴᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠡᠯ᠎ᠡ ᠲᠥᠷᠥᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠬᠡᠷᠡᠭᠲᠡᠢ᠃ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠢᠶᠠᠷ ᠤᠷᠤᠭᠰᠢᠯᠠᠬᠤ︾ ᠰᠢᠨ᠎ᠡ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠳᠡᠵᠦ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠦᠨ᠂ ᠴᠢᠨᠠᠷ ᠰᠠᠶᠢᠲᠠᠢ ᠠᠬᠢᠭᠤᠯᠵᠤ᠂ ︽ᠲᠠᠪᠤ ᠶᠢ ᠭᠦᠢᠴᠡᠳ ᠲᠠᠨᠢᠬᠤ︾ ︽ᠲᠠᠪᠤ ᠶᠢᠨ ᠲᠤᠭᠤᠷᠢᠨ ᠳᠤ︾ ︽ᠭᠤᠷᠪᠠ ᠶᠢ ᠭᠤᠶᠢᠪᠢᠰᠢ ᠦᠭᠡᠢ ᠪᠠᠷᠢᠮᠲᠠᠯᠠᠬᠤ︾ ᠶᠢ ᠴᠢᠩᠭ᠎ᠠ ᠠᠳᠬᠤᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠠᠵᠢᠯ ᠢᠶᠠᠨ ᠪᠠᠲᠤᠲᠠᠢ ᠠᠳᠬᠤᠵᠤ᠂ ᠰᠠᠭᠤᠷᠢ ᠪᠠᠨ ᠪᠠᠲᠤᠳᠬᠠᠨ᠂ ᠠᠯᠬᠤᠮ ᠢᠶᠠᠨ ᠪᠣᠳᠠᠲᠠᠶᠢᠵᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃      11 ᠰᠠᠷ᠎ᠠ ᠶᠢᠨ 14 ᠤ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠢᠩᠭᠠᠨ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠭᠦᠨᠵᠡᠭᠡᠶᠢᠷᠡᠨ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠰᠣᠯᠢᠯᠴᠠᠨ᠂ ᠵᠢᠯᠤᠭᠤᠳᠬᠤ ᠰᠠᠨᠠᠯ ᠢᠶᠠᠨ ᠳᠤᠷᠠᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠬᠢᠩᠭᠠᠨ ᠴᠢᠬᠤᠯᠠᠴᠢᠯᠠᠭᠰᠠᠨ ᠨᠢ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠠᠷᠢᠭᠤᠴᠠᠯᠭ᠎ᠠ ᠪᠠᠨ ᠦᠨᠡᠨᠬᠦ ᠪᠠᠲᠤ ᠡᠭᠦᠷᠭᠡᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠲᠣᠭᠲᠠᠭᠤᠨ ᠢᠶᠠᠷ ᠠᠬᠢᠭᠤᠯᠵᠤ᠂ ᠪᠠᠶᠢᠳᠠᠯ ᠰᠠᠶᠢᠨ ᠪᠠᠶᠢᠵᠤ᠂ ᠪᠥᠬᠦ ᠬᠤᠰᠢᠭᠤᠨ ᠤ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠢ᠃ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠳᠣᠣᠷᠠᠬᠢ ᠡᠯ᠎ᠡ ᠠᠵᠢᠯᠯᠠᠬᠤ ᠳᠤᠭᠤᠶᠢᠯᠠᠩ᠂ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠠᠶᠢᠵᠠᠮ ᠢ ᠡᠵᠡᠮᠳᠡᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠠᠮᠲᠤ ᠶᠢᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠵᠣᠬᠢᠴᠠᠭᠤᠯᠤᠨ ᠬᠠᠷᠢᠯᠴᠠᠬᠤ ᠳᠤᠭᠤᠶᠢᠯᠠᠩ  ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠠᠵᠢᠯᠯᠠᠬᠤ ᠳᠤᠭᠤᠶᠢᠯᠠᠩ᠂ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠬᠢᠨ ᠨᠡᠪᠲᠡᠷᠡᠯᠴᠡᠨ ᠬᠠᠷᠢᠯᠴᠠᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠢᠳᠡᠪᠬᠢᠲᠡᠢ ᠵᠢᠯᠣᠭᠤᠳᠤᠨ ᠠᠬᠢᠭᠤᠯᠬᠤ ᠬᠡᠷᠡᠭᠲᠡᠢ᠃      ★ 11 ᠰᠠᠷ᠎ᠠ ᠶᠢᠨ 16 ᠤ ᠡᠳᠦᠷ   2023 ᠣᠨ ᠤ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠨᠡᠶᠢᠲᠡᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ  ᠠᠯᠮᠠᠰ ᠬᠤᠷᠠᠯ ᠡᠷᠭᠢᠯᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ ᠬᠤᠷᠠᠯ ᠳᠤ ᠣᠷᠣᠯᠴᠠᠵᠤ ᠠᠵᠢᠯ ᠤᠨ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ 2024 ᠣᠨ ᠤ ᠵᠣᠯᠭᠠᠭᠤᠯᠬᠤ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠮᠲᠤ ᠶᠢᠨ ᠡᠳ᠋ ᠬᠥᠷᠥᠩᠭᠡ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃      ᠮᠥᠨ ᠡᠳᠦᠷ ᠲᠤ   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠪᠦᠭᠦ ᠬᠤᠰᠢᠭᠤᠨ ᠤ       ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠠᠶᠢᠭᠤᠯᠬᠤ 5 ᠲᠤᠰᠬᠠᠢ ᠲᠦᠷᠦᠯ ᠤᠨ ᠳᠤᠭᠤᠶᠢᠯᠠᠩ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠡ᠃ ᠡᠭᠦᠨ ᠤ ᠵᠡᠷᠭᠡᠪᠡᠷ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ ᠬᠤᠷᠠᠯ ᠳᠤ ᠣᠷᠣᠯᠴᠠᠪᠠ᠃ ᠬᠤᠷᠠᠯ ᠠᠴᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠬᠢᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠠᠬᠢᠴᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠳᠠᠰᠤᠷᠠᠯᠳᠠ ᠦᠭᠡᠢ ᠨᠠᠷᠢᠯᠢᠭᠵᠢᠭᠤᠯᠵᠤ᠂ ᠬᠥᠳᠡᠯᠦᠩᠭᠦᠢ ᠮᠥᠷᠳᠡᠯᠲᠡ ᠪᠠᠨ ᠴᠢᠩᠭᠠᠳᠬᠠᠵᠤ᠂ ᠬᠢᠨᠠᠨ ᠰᠢᠯᠭᠠᠵᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂  ︽ᠲᠠᠪᠤᠨ ᠶᠡᠭᠡ ᠡᠭᠦᠷᠭᠡ︾  ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ★ 11 ᠰᠠᠷ᠎ᠠ ᠶᠢᠨ 17 ᠤ ᠡᠳᠦᠷ   ᠬᠤᠰᠢᠭᠤ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠳᠤ         ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠤᠬᠠᠭᠤᠯᠬᠤ ᠭᠡᠰᠢᠭᠦᠨ᠂  ᠬᠤᠰᠢᠭᠤ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂  ᠬᠤᠰᠢᠭᠤ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ᠂ ᠤᠯᠠᠭᠠᠨ ᠪᠣᠭᠴᠣ᠂ ᠠᠨᠠᠷ᠂ 8090 ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠵᠡᠷᠭᠡ 80 ᠭᠠᠷᠤᠢ ᠬᠥᠮᠥᠨ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠳᠤ ᠣᠷᠣᠯᠴᠠᠪᠠ᠃      11 ᠰᠠᠷ᠎ᠠ ᠶᠢᠨ 19 ᠤ ᠡᠳᠦᠷ  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠥᠭᠡᠳ ᠠᠯᠪᠠᠨ ᠭᠡᠷ ᠤᠨ ᠡᠷᠬᠢᠯᠡᠭᠴᠢ ᠵᠧᠦ ᠸᠧ ᠮᠢᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠡᠯ᠎ᠡ ᠳᠡᠳ᠋ ᠡᠷᠬᠢᠯᠡᠭᠴᠢ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠡᠯ᠎ᠡ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃      11 ᠰᠠᠷ᠎ᠠ ᠶᠢᠨ 20 ᠤ ᠡᠳᠦᠷ   ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠨᠠᠷ ᠬᠠᠲᠠᠪᠴᠢ ᠪᠠᠯᠭᠠᠰᠤᠨ ᠳᠤ ᠭᠦᠨᠵᠡᠭᠡᠶᠢᠷᠡᠨ ᠭᠤᠣᠯ ᠰᠡᠳᠦᠪᠲᠦ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠪᠠᠷ᠎ᠠ ᠪᠣᠯᠪᠠ᠃ ᠰᠢᠦᠢ ᠶᠢᠩ ᠵᠢᠶᠠᠨ ᠨᠠᠷ ᠤᠷᠢᠳ ᠬᠤᠵᠢᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ᠂ ᠪᠠᠯᠭᠠᠰᠤ ᠲᠣᠭᠤᠷᠢᠭ ᠤᠨ ᠲᠦᠷ ᠴᠠᠭ ᠤᠨ ᠲᠡᠷᠭᠡᠨ ᠵᠣᠭᠰᠣᠭᠠᠯ᠂ ᠪᠠᠯᠭᠠᠰᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠭᠰᠡᠨ ᠪᠥᠭᠡᠳ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠶᠠᠷᠢᠯᠴᠠᠪᠠ᠃ ᠰᠢᠦᠢ ᠶᠢᠩ ᠵᠢᠶᠠᠨ ᠴᠢᠬᠤᠯᠠᠴᠢᠯᠠᠭᠰᠠᠨ ᠨᠢ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠣᠷᠭᠠᠨᠢᠭ ᠢᠶᠠᠷ ᠠᠭᠤᠰᠤᠯᠴᠠᠭᠤᠯᠤᠨ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠡᠯ᠎ᠡ ᠵᠦᠢᠯ ᠤᠨ ᠣᠨ ᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠬᠡᠷᠡᠭᠲᠡᠢ ᠭᠡᠪᠡ᠃      ★ 11 ᠰᠠᠷ᠎ᠠ ᠶᠢᠨ 27 ᠤ ᠡᠳᠦᠷ ᠤᠨ 11 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 47 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤ ᠳᠠᠷᠤᠭ᠎ᠠ ᠶᠢᠨ 2023 ᠣᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ 2024 ᠣᠨ ᠤ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃ ᠬᠤᠷᠠᠯ ᠠᠴᠠ᠂ ︽3+2︾  ᠤᠨ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ︽ᠦᠵᠦᠮᠦᠴᠢᠨ ᠬᠤᠨᠢ︾ ᠶᠢᠨ ᠲᠦᠷᠦᠯ ᠲᠡᠮᠳᠡᠭ ᠢ ᠰᠢᠯᠢᠳᠡᠭᠵᠢᠭᠦᠯᠵᠦ᠂ ᠠᠳᠤᠭᠤᠨ ᠤ ᠠᠵᠤ ᠦᠢᠯᠡᠰ᠂ ᠠᠳᠤᠭᠤᠨ ᠤ ᠰᠣᠶᠣᠯ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠵᠤ ᠠᠬᠤᠶᠢᠯᠠᠯ ᠢᠶᠠᠷ ᠳᠠᠶᠢᠴᠢᠯᠠᠬᠤ᠂ ᠲᠦᠷᠦ ᠶᠢᠨ ᠪᠣᠳᠣᠯᠭ᠎ᠠ ᠪᠠᠷ ᠪᠡᠯᠡ ᠮᠥᠩᠭᠦ ᠪᠠᠷ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠬᠡᠪᠴᠢᠶᠡᠵᠢᠭᠰᠡᠨ᠂ ᠣᠳᠣᠬᠢᠴᠢᠯᠠᠭᠰᠠᠨ᠂ ᠣᠶᠤᠨᠴᠢᠯᠠᠭᠰᠠᠨ ᠲᠡᠵᠢᠭᠡᠨ ᠦᠷᠡᠵᠢᠭᠦᠯᠦᠯᠲᠡ ᠶᠢ ᠶᠡᠬᠡᠪᠡᠷ ᠬᠥᠭᠵᠢᠭᠦᠯᠬᠦ ᠬᠡᠷᠡᠭᠲᠡᠢ᠃ ᠭᠤᠷᠪᠠᠳᠤᠭᠠᠷ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠳᠥᠷᠪᠡᠨ ᠴᠠᠭ ᠤᠨ ᠦᠵᠦᠮᠦᠴᠢᠨ︾ ᠰᠣᠶᠣᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠬᠡᠷᠡᠯᠳᠦᠭᠦᠯᠵᠦ᠂ ᠮᠠᠨ ᠤ ᠬᠤᠰᠢᠭᠤᠨ ᠤ ᠣᠨᠴᠠᠯᠢᠭ ᠲᠠᠢ ᠪᠠᠨ ᠤᠶᠠᠯᠳᠤᠭᠤᠯᠤᠨ ᠰᠢᠯᠢᠳᠡᠭ ᠵᠢᠭᠤᠯᠴᠢᠯᠠᠯ ᠤᠨ ᠦᠵᠡᠮᠵᠢᠲᠦ ᠣᠷᠣᠨ ᠢ ᠪᠣᠶ ᠪᠣᠯᠭᠠᠵᠤ᠂ ᠨᠠᠩ ᠣᠯᠠᠨ ᠵᠤᠭᠠᠴᠠᠭᠰᠠᠳ ᠤᠨ ᠬᠦᠷᠦᠯᠴᠡᠨ ᠢᠷᠡᠵᠦ ᠬᠡᠷᠡᠭᠯᠡᠭᠡ ᠶᠢ ᠣᠶᠢᠯᠠᠭᠠᠬᠤ ᠶᠢ ᠲᠠᠲᠠᠬᠤ ᠬᠡᠷᠡᠭᠲᠡᠢ᠃ ᠪᠥᠬᠦ ᠵᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠭᠤᠯᠤᠯᠲᠠ ᠶᠢ ᠲᠦᠷᠭᠡᠳᠬᠡᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠨ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠦᠷ᠎ᠡ ᠪᠦᠲᠦᠮᠵᠢ ᠪᠠᠷ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号