ᠬᠠᠲᠠᠪᠴᠢ ᠪᠠᠯᠭᠠᠰᠤᠨ ᠤ ᠪᠠᠶᠠᠨᠳᠦᠯᠠᠭᠠᠨ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠪᠠᠢ ᠰᠡᠴᠡᠨᠲᠦ ᠶᠢᠨ ᠪᠤᠶᠠᠨ ᠤ ᠮᠥᠩᠭᠦ ᠬᠠᠨᠳᠢᠪᠯᠠᠭᠰᠠᠨ ᠠᠵᠢᠯᠯᠠᠭ᠎ᠠ 
ᠨᠡᠶᠢᠲᠡᠯᠡᠭᠰᠡᠨ ᠴᠠᠭ᠄
2024/2/5
      1 ᠰᠠᠷ᠎ᠠ ᠶᠢᠨ 17 ᠤ ᠡᠳᠦᠷ ᠵᠡᠭᠦᠨ ᠦᠵᠦᠮᠦᠴᠢᠨ ᠬᠤᠰᠢᠭᠤᠨ ᠤ ᠬᠤᠰᠢᠭᠤ ᠲᠡᠰ ᠤᠨ ᠠᠷᠠᠳ ᠤᠨ ᠲᠥᠯᠥᠭᠡᠯᠡᠭᠴᠢ᠂ ᠬᠠᠲᠠᠪᠴᠢ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠪᠠᠢ ᠰᠡᠴᠡᠨᠲᠦ ᠪᠠᠶᠠᠨᠳᠦᠯᠠᠭᠠᠨ ᠭᠠᠴᠠᠭᠠᠨ ᠤ ᠨᠢᠭᠡᠨ ᠮᠠᠯᠴᠢᠨ ᠡᠷᠦᠬᠡ ᠳᠤ 5000 ᠲᠥᠭᠦᠷᠢᠭ ᠤᠨ ᠬᠠᠨᠳᠢᠪ ᠤᠨ ᠮᠥᠩᠭᠦ ᠬᠦᠷᠭᠡᠪᠡ᠃      2023 ᠣᠨ ᠤ ᠡᠬᠢ ᠪᠠᠷ᠂ ᠲᠣᠰ ᠡᠷᠦᠬᠡ ᠶᠢᠨ ᠬᠦᠤ ᠨᠢ ᠰᠢᠭᠡᠰᠦᠨ ᠬᠤᠤᠷᠳᠠᠯᠭ᠎ᠠ ᠳᠤ  ᠨᠡᠷᠪᠡᠭᠳᠡᠪᠡ᠃ ᠡᠨᠡᠬᠦ ᠠᠵᠠ ᠪᠤᠰᠤ ᠶᠠᠪᠤᠳᠠᠯ ᠨᠢ ᠡᠨᠡ ᠡᠭᠡᠯ ᠵᠢᠷ ᠤᠨ ᠬᠡᠷ ᠪᠦᠯᠢ ᠳᠤ ᠬᠦᠨᠳᠦ ᠶᠡᠭᠡ ᠭᠠᠢ ᠵᠤᠪᠠᠯᠠᠩ ᠠᠪᠴᠢᠷᠠᠭᠰᠠᠨ ᠪᠠᠶᠢᠨ᠎ᠠ᠃ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠡᠮᠦᠨ᠎ᠡ᠂ ᠲᠠᠳᠠ ᠨᠡᠶᠢᠭᠡᠮ ᠠᠴᠠ ᠲᠤᠰᠠᠯᠠᠮᠵᠢ       ᠭᠤᠶᠤᠵᠤ᠂ ᠰᠦᠯᠵᠢᠶᠡᠨ ᠤ ᠲᠠᠪᠴᠠᠩ ᠠᠴᠠ ᠬᠠᠨᠳᠢᠪ ᠴᠤᠭᠯᠠᠭᠤᠯᠪᠠ᠃ ᠪᠠᠢ ᠰᠡᠴᠡᠨᠲᠦ  ᠶᠢᠨ ᠬᠢ ᠪᠠᠰᠠ ᠸᠢᠴᠠᠲ ᠪᠠᠷ ᠲᠠᠮᠵᠢᠨ ᠥᠪᠡᠷ ᠤᠨ ᠬᠠᠶᠢᠷ᠎ᠠ ᠬᠠᠯᠠᠮᠵᠢ ᠪᠠᠨ ᠡᠷᠭᠦᠵᠡᠶ᠃      ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠡᠮᠵᠢᠯᠴᠡᠬᠦ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠃ ᠣᠯᠠᠨ ᠵᠢᠯ ᠤᠨ ᠲᠤᠷᠰᠢ᠂ ᠪᠠᠢ ᠰᠡᠴᠡᠨᠲᠦ ᠤᠨ ᠬᠢᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠮᠰᠢᠵᠦ᠂ ᠬᠤᠶᠠᠷ ᠵᠢᠯ ᠳᠠᠷᠠᠭᠠᠯᠠᠨ ᠶᠡᠭᠡ ᠰᠤᠷᠭᠠᠭᠤᠯᠢ ᠶᠢᠨ ᠤᠶᠤᠲᠠᠳ ᠢ ᠲᠡᠳᠬᠦᠭᠰᠡᠭᠡᠷ ᠢᠷᠡᠵᠡᠶ᠃ ᠨᠢᠭᠡ ᠬᠤᠪᠢ ᠬᠠᠶᠢᠷ᠎ᠠ ᠶᠢᠨ ᠬᠠᠨᠳᠢᠪ  ᠨᠢ ᠬᠦᠴᠢᠷᠳᠡᠯ ᠲᠠᠢ ᠬᠡᠷ ᠪᠦᠯᠢ ᠶᠢᠨ ᠠᠵᠦ ᠠᠬᠤᠢ ᠶᠢᠨ ᠭᠠᠴᠢᠭᠳᠠᠯ  ᠢ ᠲᠠᠶᠢᠯᠬᠤ ᠪᠠᠷ ᠪᠠᠷᠠᠬᠤ ᠥᠬᠡᠶ᠂ ᠨᠠᠩ ᠴᠤ  ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠢᠲᠡᠭᠡᠯ ᠵᠣᠷᠢᠭ ᠦᠭᠭᠦᠭᠰᠡᠨ ᠪᠠᠶᠢᠨ᠎ᠠ᠃ ᠲᠡᠳᠡᠨ ᠤ ᠪᠤᠶᠠᠨ ᠤ ᠦᠢᠯᠡ ᠠᠵᠢᠯᠯᠠᠭ᠎ᠠ ᠨᠢ ᠶᠠᠭ ᠨᠢᠭᠡᠨ ᠬᠦᠴᠦᠷᠬᠡᠭ ᠶᠡᠭᠡ ᠢᠳᠡᠪᠬᠢ ᠬᠦᠴᠦᠨ ᠤ ᠰᠣᠷᠢᠨᠵᠢᠨ ᠣᠷᠣᠨ ᠰᠢᠭ᠋ ᠢᠶᠠᠷ ᠨᠡᠩ ᠤᠯᠠᠨ ᠢ ᠲᠠᠶᠢᠴᠢᠯᠠᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠵᠤ᠂ ᠬᠥᠷᠰᠢ ᠵᠡᠷᠭᠡᠯᠡᠳᠡᠭᠡ ᠬᠤᠭᠤᠷᠤᠨᠳᠦ ᠪᠠᠨ ᠪᠦᠯᠬᠦᠮᠳᠡᠯ ᠲᠠᠢ᠂ ᠡᠶ᠎ᠡ ᠨᠠᠶᠢᠷᠰᠠᠭ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠳᠡᠷᠭᠡᠳᠡᠬᠢ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号