ᠬᠠᠲᠠᠪᠴᠢ ᠪᠠᠯᠭᠠᠰᠤᠨ ᠤ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠣᠳᠣᠨ ᠲᠠᠰ ᠢᠶᠠᠷ ᠦᠨᠡᠯᠡᠬᠦ ᠵᠢᠴᠢ ︽ᠬᠤᠶᠠᠷ ᠵᠥᠪᠯᠡᠯ︾ ᠤᠨ ᠺᠠᠳ᠋ᠷ ᠢ ᠦᠨᠡᠯᠡᠬᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/2/5
      ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠪᠥᠬᠦ ᠵᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ︽ᠬᠤᠶᠠᠷ ᠵᠥᠪᠯᠡᠯ︾ ᠤᠨ ᠪᠠᠭ ᠵᠢᠴᠢ ᠬᠡᠰᠢᠬᠦᠨ᠂ ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠰᠢᠯᠭᠠᠨ ᠦᠨᠡᠯᠡᠬᠦ ᠶᠢᠨ ᠲᠥᠯᠥᠭᠡ᠂ ᠣᠶᠢᠷ᠎ᠠ ᠳᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠲᠣᠰ ᠲᠣᠰ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠣᠳᠣᠨ ᠳᠡᠰ ᠢᠶᠠᠷ ᠦᠨᠡᠯᠡᠬᠦ ᠵᠢᠴᠢ ︽ᠬᠤᠶᠠᠷ ᠵᠥᠪᠯᠡᠯ︾ ᠤᠨ ᠺᠠᠳ᠋ᠷ ᠢ ᠦᠨᠡᠯᠡᠬᠦ ᠬᠤᠷᠠᠯ ᠬᠤᠷᠠᠯᠳᠣᠭᠤᠯᠪᠠ᠃ ᠪᠠᠯᠭᠠᠰᠤᠨ ᠤ ᠡᠯ᠎ᠡ ᠭᠠᠴᠠᠭ᠎ᠠ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠬᠡᠰᠢᠬᠦᠨ᠂ ᠨᠠᠮ ᠤᠨ ᠭᠡᠰᠢᠭᠦᠨ᠂ ᠨᠠᠮ ᠤᠨ ᠭᠡᠰᠢᠭᠦᠨ ᠭᠤᠣᠯᠯᠠᠬᠤ ᠡᠷᠦᠬᠡ  ᠬᠤᠷᠠᠯ ᠳᠤ ᠣᠷᠣᠯᠴᠠᠪᠠ᠃      ᠬᠤᠷᠠᠯ ᠳᠤ᠂ ᠨᠠᠮ ᠤᠨ ᠡᠭᠦᠷ ᠤᠨ ᠱᠦᠵᠢ᠂ ︽ᠬᠤᠶᠠᠷ ᠵᠥᠪᠯᠡᠯ︾ ᠤᠨ ᠬᠡᠰᠢᠬᠦᠨ ᠵᠢᠴᠢ ᠨᠠᠮ ᠤᠨ ᠭᠡᠰᠢᠭᠦᠨ ᠭᠤᠣᠯᠯᠠᠬᠤ ᠡᠷᠦᠬᠡ ᠠᠴᠠ 2023 ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠤᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠠᠮᠵᠢᠯᠲᠠ ᠪᠠ ᠬᠦᠷᠦᠯᠴᠡᠬᠦ ᠦᠭᠡᠢ ᠲᠠᠯ᠎ᠠ ᠪᠠᠨ ᠶᠠᠷᠢᠯᠴᠠᠬᠤ ᠪᠠᠷ ᠳᠡᠮᠵᠢᠨ᠂ ᠠᠵᠢᠯ ᠤᠨ ᠪᠣᠳᠠᠲᠤ ᠠᠮᠵᠢᠯᠲᠠ ᠪᠠᠨ ᠳᠡᠯᠭᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠵᠢᠴᠢ ᠠᠵᠢᠯ ᠳᠠᠭᠠᠨ ᠴᠢᠭᠯᠡᠭᠦᠯᠦᠨ ᠲᠤᠰᠢᠶᠠᠯ ᠤᠨ ᠮᠡᠳᠡᠭᠦᠯᠦᠯᠲᠡ  ᠬᠢᠪᠡ᠃ ᠳᠠᠷᠠᠭ᠎ᠠ         ᠨᠢ᠂ ᠬᠤᠷᠠᠯ ᠳᠤ ᠣᠷᠣᠯᠴᠠᠭᠰᠠᠳ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠪᠠᠭ ᠤᠨ ᠬᠡᠰᠢᠬᠦᠨ ᠵᠢᠴᠢ ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠠᠷᠠᠳᠴᠢᠯᠠᠯ ᠢᠶᠠᠷ ᠰᠢᠯᠭᠠᠨ ᠦᠨᠡᠯᠡᠪᠡ᠃      ᠬᠤᠷᠠᠯ ᠤᠨ ᠡᠴᠦᠰ ᠲᠤ᠂ ᠲᠤᠰᠬᠠᠢ ᠶᠠᠷᠢᠯᠴᠠᠭ᠎ᠠ ᠥᠷᠨᠢᠭᠦᠯᠵᠦ᠂ ᠣᠯᠠᠨ ᠲᠦᠮᠡᠨ ᠤ ᠦᠨᠡᠯᠡᠯᠲᠡ ᠪᠠ ᠲᠤᠰᠬᠠᠯ ᠢ ᠭᠦᠨᠵᠡᠭᠡᠢ ᠡᠵᠡᠮᠰᠢᠬᠦ ᠪᠠᠷ ᠳᠠᠮᠵᠢᠨ᠂ ᠪᠤᠰᠤᠳᠴᠢ᠂ ᠲᠥᠪ ᠭᠤᠥᠯᠴᠢ᠂ ᠣᠨᠣᠪᠴᠢᠲᠠᠶ ᠬᠢᠨᠠᠨ ᠰᠢᠯᠭᠠᠭᠰᠠᠨ ᠦᠷ᠎ᠡ ᠳ᠋ᠦᠩ ᠢ ᠪᠣᠶ ᠪᠣᠯᠭᠠᠬᠤ ᠳᠤ ᠦᠨᠳᠦᠰᠦᠯᠡᠯ ᠬᠠᠩᠭᠠᠪᠠ᠃      ᠬᠢᠨᠠᠨ ᠦᠨᠡᠯᠡᠬᠦ ᠪᠠᠷ ᠳᠡᠮᠵᠢᠨ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠪᠠᠭ ᠤᠨ ᠬᠡᠰᠢᠬᠦᠨ ᠪᠠ ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠠᠵᠢᠯ ᠢ ᠪᠥᠬᠦ ᠲᠠᠯ᠎ᠠ ᠪᠠᠷ ᠰᠢᠰᠲ᠋ᠧᠮ ᠲᠠᠢ ᠰᠢᠯᠭᠠᠨ ᠪᠠᠶᠢᠴᠠᠭᠠᠵᠤ᠂ ᠳᠤᠳ᠋ᠬᠠᠳᠠᠯ ᠪᠠ ᠬᠦᠷᠦᠯᠴᠡᠬᠦ ᠦᠭᠡᠢ ᠲᠠᠯ᠎ᠠ ᠶᠢ ᠲᠣᠳᠣᠷᠬᠠᠶᠢᠯᠠᠵᠤ᠂ ᠦᠵᠡᠯ ᠰᠠᠨᠠᠭᠠᠨ ᠤ ᠭᠤᠣᠯᠳᠠᠯᠭ᠎ᠠ ᠶᠢ ᠴᠢᠩᠭᠠᠷᠠᠭᠤᠯᠤᠨ᠂ ᠮᠠᠨ ᠤ ᠪᠠᠯᠭᠠᠰᠤᠨ ᠤ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠯᠠᠪᠳᠠᠭᠤᠨ ᠪᠠᠲᠤᠲᠠᠢ ᠠᠵᠢᠯᠯᠠᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号