ᠮᠠᠨᠳᠤᠬᠤᠪᠤᠯᠠᠭ ᠪᠠᠯᠭᠠᠰᠤ 2023 ᠣᠨ ᠤ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/5
      1 ᠰᠠᠷ᠎ᠠ ᠶᠢᠨ 24 ᠤ ᠡᠳᠦᠷ᠂ ᠮᠠᠨᠳᠤᠬᠤᠪᠤᠯᠠᠭ ᠪᠠᠯᠭᠠᠰᠤ 2023 ᠣᠨ ᠤ ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ ᠤᠨ ᠵᠢᠯ ᠤᠨ ᠡᠴᠦᠰ ᠤᠨ ᠬᠢᠨᠠᠨ ᠰᠢᠯᠭᠠᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠱᠦ ᠭᠤᠸᠠᠩ ᠵᠢᠴᠢ ᠬᠢᠨᠠᠨ ᠰᠢᠯᠭᠠᠬᠤ ᠳᠤᠭᠤᠶᠢᠯᠠᠩ ᠤᠨ ᠪᠤᠰᠤᠳ ᠭᠡᠰᠢᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠷᠠᠯ ᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠱᠦ ᠭᠤᠸᠠᠩ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠡᠭᠦᠷ ᠤᠨ ᠱᠦᠵᠢ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾᠂ ᠪᠠᠯᠭᠠᠰᠤᠨ ᠤ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠢ᠃      ᠬᠤᠷᠠᠯ ᠳᠤ᠂ ᠪᠠᠯᠭᠠᠰᠤᠨ ᠤ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠮᠥᠩᠭᠡ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠢ ᠲᠥᠯᠥᠭᠡᠯᠡᠨ ᠬᠢᠨᠠᠨ ᠰᠢᠯᠭᠠᠬᠤ ᠳᠤᠭᠤᠶᠢᠯᠠᠩ ᠳᠤ 2023 ᠣᠨ ᠤ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ 2023 ᠣᠨ ᠤ ᠮᠠᠨᠳᠤᠬᠤᠪᠤᠯᠠᠭ ᠪᠠᠯᠭᠠᠰᠤᠨ ᠤ ᠤᠳᠤᠷᠢᠳᠬᠤ ᠪᠠᠭ ᠤᠨ ᠪᠠᠶᠢᠭᠤᠯᠤᠯᠲᠠ᠂ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠡᠷᠭᠢᠴᠡᠭᠦᠯᠦᠨ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠷᠮᠠᠶᠢᠬᠤ ᠴᠢᠭᠯᠡᠯ ᠢ ᠲᠣᠳᠣᠷᠬᠠᠶᠢᠯᠠᠭᠰᠠᠨ ᠪᠠᠶᠢᠨ᠎ᠠ᠃      ᠬᠤᠷᠠᠯ ᠳᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠵᠢᠴᠢ ᠤᠳᠤᠷᠢᠳᠬᠤ ᠺᠠᠳ᠋ᠷ ᠲᠤ ᠠᠷᠠᠳᠴᠢᠯᠠᠯ ᠢᠶᠠᠷ ᠦᠨᠡᠯᠡᠯᠲᠡ ᠬᠢᠪᠡ᠃      ᠬᠤᠷᠠᠯ ᠤᠨ ᠳᠠᠷᠠᠭ᠎ᠠ᠂ ᠬᠢᠨᠠᠨ ᠰᠢᠯᠭᠠᠬᠤ ᠳᠤᠭᠤᠶᠢᠯᠠᠩ ᠤᠨ ᠬᠢᠨ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠨᠠᠮ ᠤᠨ ᠡᠭᠦᠷ ᠤᠨ ᠱᠦᠵᠢ᠂ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠭᠡᠰᠢᠬᠦᠳ᠂ ᠬᠡᠰᠡᠭ ᠺᠠᠳ᠋ᠷ ᠲᠠᠢ ᠶᠠᠷᠢᠯᠴᠠᠭ᠎ᠠ ᠥᠷᠨᠢᠭᠦᠯᠪᠡ᠃      ᠮᠠᠨᠳᠤᠬᠤᠪᠤᠯᠠᠭ ᠪᠠᠯᠭᠠᠰᠤ ᠲᠤᠰ ᠤᠳᠠᠭᠠᠨ ᠤ ᠬᠢᠨᠠᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠡᠩ ᠭᠦᠨᠵᠡᠭᠡᠢ ᠪᠥᠭᠡᠳ ᠰᠢᠰᠲ᠋ᠧᠮ ᠲᠠᠢ ᠰᠤᠷᠤᠯᠴᠠᠨ ᠣᠶᠢᠯᠠᠭᠠᠵᠤ᠂ ︽ᠵᠢᠷᠭᠤᠭᠠᠨ ᠦᠭᠦᠯᠡᠪᠦᠷᠢ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠪᠠᠲᠤ ᠴᠡᠭᠡᠵᠢᠯᠡᠨ᠂ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠢᠳᠡᠪᠬᠢᠲᠡᠢ ᠬᠠᠯᠠᠨ ᠰᠠᠶᠢᠵᠢᠷᠠᠭᠤᠯᠵᠤ᠂ 2024 ᠣᠨ ᠤ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠲᠥᠯᠦᠪᠵᠢᠭᠦᠯᠦᠨ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠪᠠᠶᠢᠳᠠᠯ ᠪᠣᠯᠣᠨ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠤᠬᠠᠮᠰᠠᠷ ᠢᠶᠠᠷ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠡᠷᠡᠰ ᠭᠤᠶᠢᠪᠢᠰᠢ ᠦᠭᠡᠢ᠂ ᠴᠥᠬᠦᠷᠡᠰᠢ ᠦᠭᠡᠢ ᠪᠠᠷ ᠪᠡᠶᠡᠯᠡᠭᠦᠯᠦᠨ᠂  ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠴᠢᠷᠮᠠᠶᠢᠨ ᠲᠡᠮᠡᠴᠡᠨ᠎ᠡ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号