ᠮᠠᠨᠳᠤᠬᠤᠪᠤᠯᠠᠭ ᠪᠠᠯᠭᠠᠰᠤ ᠴᠠᠰᠤ ᠲᠦᠯᠬᠢᠬᠦ ᠠᠵᠢᠯ ᠢ ᠪᠠᠶᠢᠩᠭᠤ ᠥᠷᠨᠢᠭᠦᠯᠵᠦ ᠮᠠᠯᠴᠢᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠪᠠ ᠦᠢᠯᠡᠳᠪᠦᠷᠢᠯᠡᠯ ᠠᠮᠢᠳᠤᠷᠠᠯ ᠢ ᠪᠠᠲᠤᠯᠠᠪᠠ
ᠨᠡᠶᠢᠲᠡᠯᠡᠭᠰᠡᠨ ᠴᠠᠭ᠄
2024/2/5
      2023 ᠣᠨ ᠤ 12 ᠰᠠᠷ᠎ᠠ ᠠᠴᠠ ᠡᠬᠢᠯᠡᠨ᠂ ︽ᠬᠦᠢᠲᠡᠨ ᠤᠷᠤᠰᠬᠠᠯ︾ ᠤᠨ ᠨᠥᠯᠥᠭᠡ ᠠᠴᠠ ᠪᠣᠯᠵᠤ᠂ ᠮᠠᠨᠳᠤᠬᠤᠪᠤᠯᠠᠭ ᠪᠠᠯᠭᠠᠰᠤᠨ ᠤ ᠬᠠᠷᠢᠶ᠎ᠠ ᠲᠣᠭᠤᠷᠢᠭ ᠲᠤ ᠨᠡᠶᠢᠳᠡᠮ ᠶᠡᠭᠡ ᠴᠠᠰᠤ ᠣᠷᠣᠭᠰᠠᠨ ᠪᠥᠭᠡᠳ ᠶᠡᠭᠡ ᠰᠠᠯᠬᠢ ᠰᠢᠭᠤᠷᠭᠠᠨ ᠲᠠᠢ᠂ ᠮᠠᠨᠳᠤᠬᠤᠪᠤᠯᠠᠭ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠱᠠᠲᠤᠨ ᠤ ᠪᠠᠭᠤᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ ᠮᠡᠳᠡᠭᠳᠡᠯ ᠢ ᠦᠨᠳᠦᠰᠦᠯᠡᠨ᠂ ᠡᠷᠲᠡ ᠠᠴᠠ ᠲᠣᠬᠢᠷᠠᠭᠤᠯᠵᠤ ᠪᠠᠶᠢᠷᠢᠯᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ ᠮᠠᠭᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠨ ᠬᠡᠷᠡᠭᠵᠢᠭᠦᠯᠵᠦ᠂ ᠪᠥᠬᠦ     ᠪᠠᠯᠭᠠᠰᠤ᠂ ᠭᠠᠴᠠᠭᠠᠨ ᠤ ᠬᠦᠴᠦᠨ ᠢ ᠳᠠᠶᠢᠴᠢᠯᠠᠨ ᠡᠨᠡ ᠡᠪᠦᠯ ᠤᠨ ᠴᠠᠰᠤ ᠰᠢᠭᠤᠷᠭᠠᠨ ᠢ ᠢᠳᠡᠪᠬᠢᠲᠡᠢ ᠠᠷᠭᠠᠴᠠᠪᠠ᠃      ᠮᠠᠨ ᠤ ᠪᠠᠯᠭᠠᠰᠤᠨ ᠤ ᠮᠠᠨᠳᠤᠬᠤᠪᠤᠯᠠᠭ ᠭᠠᠴᠠᠭ᠎ᠠ᠂ ᠪᠠᠶᠠᠨᠪᠦ᠋ᠷᠢᠳᠦ ᠭᠠᠴᠠᠭ᠎ᠠ᠂ ᠬᠤᠯᠪᠤᠭ᠎ᠠ ᠭᠠᠴᠠᠭ᠎ᠠ ᠪᠣᠯᠣᠨ ᠲᠣᠰᠤᠨᠨᠠᠭᠤᠷ ᠭᠠᠴᠠᠭᠠᠨ ᠤ ᠬᠡᠰᠡᠭ ᠮᠠᠯᠵᠢᠬᠤ ᠣᠷᠣᠨ ᠤ ᠵᠠᠮ ᠨᠢ ᠴᠠᠰᠤᠨ ᠳᠤ ᠬᠠᠰᠢᠭᠳᠠᠵᠤ᠂ ᠮᠠᠯᠴᠢᠨ ᠲᠦᠮᠡᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠳᠤ ᠲᠤᠶᠢᠯ ᠤᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠠᠶᠢᠨ᠎ᠠ᠃ ᠤᠯᠠᠭᠠᠢ ᠳᠤ ᠬᠦᠷᠬᠦ S206 ᠵᠠᠮ ᠨᠢ ᠴᠠᠰᠤᠨ ᠳᠤ ᠪᠥᠭᠯᠡᠭᠳᠡᠭᠰᠡᠨ ᠠᠴᠠ ᠪᠣᠯᠵᠤ᠂ ᠦᠷᠭᠦᠯᠵᠢ ᠬᠠᠰᠢᠭᠳᠠᠭᠰᠠᠨ ᠮᠠᠰᠢᠨ ᠲᠡᠷᠭᠡ ᠤᠴᠢᠷᠠᠳᠠᠭ᠃ ᠬᠦᠴᠢᠷᠳᠡᠯ ᠢ ᠰᠢᠢᠳᠪᠦᠷᠢᠯᠡᠵᠦ ᠠᠶᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠦᠷᠭᠦᠯᠵᠢᠯᠡᠭᠰᠡᠨ ᠴᠠᠰᠤ ᠪᠣᠯᠣᠨ ᠶᠡᠭᠡ ᠰᠠᠯᠬᠢ ᠠᠴᠠ ᠪᠣᠯᠤᠭᠰᠠᠨ ᠵᠠᠮ ᠳᠡᠭᠡᠷ᠎ᠡ ᠲᠠᠬᠢᠨ ᠳᠠᠪᠲᠠᠨ ᠴᠠᠰᠤ ᠬᠤᠷᠠᠭᠰᠠᠨ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠠᠯᠭᠠᠰᠤ᠂ ᠭᠠᠴᠠᠭᠠᠨ ᠤ ᠮᠠᠰᠢᠨ ᠮᠧᠬᠠᠨᠢᠭ ᠤᠨ ᠬᠦᠴᠦᠨ ᠢ ᠨᠢᠭᠡᠳᠦᠯᠲᠡᠢ ᠲᠣᠬᠢᠷᠠᠭᠤᠯᠵᠤ᠂ ᠲᠣᠮᠣ ᠬᠡᠯᠪᠡᠷᠢ ᠶᠢᠨ ᠤᠳᠬᠤᠭᠤᠷ ᠲᠡᠷᠭᠡ ᠬᠥᠳᠡᠯᠭᠡᠨ ᠴᠠᠰᠤ ᠲᠦᠯᠬᠢᠵᠦ ᠵᠠᠮ ᠨᠡᠪᠲᠡᠷᠡᠭᠦᠯᠬᠦ ᠠᠵᠢᠯ ᠢ ᠲᠠᠰᠤᠷᠠᠯᠳᠡ ᠦᠭᠡᠢ ᠥᠷᠨᠢᠭᠦᠯᠵᠦ᠂ 2023 ᠣᠨ ᠤ 12 ᠰᠠᠷ᠎ᠠ ᠠᠴᠠ ᠡᠬᠢᠯᠡᠨ᠂ ᠨᠡᠶᠢᠳᠡ 316 ᠬᠥᠮᠥᠨ᠂ ᠮᠠᠰᠢᠨ ᠲᠥᠬᠦᠭᠡᠷᠦᠮᠵᠢ 180 ᠭᠠᠷᠤᠢ᠂ ᠵᠢᠯᠤᠭᠤᠳᠬᠤ ᠮᠠᠰᠢᠨ ᠲᠡᠷᠭᠡ 100 ᠭᠠᠷᠤᠢ ᠬᠥᠳᠡᠯᠭᠡᠵᠦ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠬᠠᠮᠠᠭᠠᠯᠠᠪᠠ᠃      ᠲᠣᠰ ᠤᠳᠠᠭᠠᠨ ᠤ ᠴᠠᠰᠤ ᠲᠦᠯᠬᠢᠬᠦ ᠠᠵᠢᠯ ᠨᠢ ᠮᠠᠯᠴᠢᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠤᠨ ᠬᠡᠪ ᠤᠨ ᠠᠵᠢᠯᠯᠠᠭᠠᠨ ᠳᠤ ᠪᠠᠲᠤᠯᠠᠭ᠎ᠠ ᠬᠠᠩᠭᠠᠵᠤ᠂ ᠮᠠᠯᠴᠢᠨ ᠲᠦᠮᠡᠨ ᠤ ᠳᠡᠷᠭᠡᠳᠡᠬᠢ ᠠᠰᠠᠭᠤᠳᠠᠯ ᠢ ᠦᠨᠡᠨᠬᠦ ᠰᠢᠢᠳᠪᠦᠷᠢᠯᠡᠵᠦ ᠴᠢᠳᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤᠨ ᠤ ᠬᠢᠨ ᠴᠠᠰᠤ ᠪᠠᠷ ᠵᠠᠷᠯᠢᠭ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠠᠮᠤᠷ ᠠᠮᠤᠭᠤᠯᠠᠩ ᠢ ᠬᠠᠮᠠᠭᠠᠯᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠠᠭ ᠢᠮᠠᠭᠲᠠ ᠠᠩᠬᠠᠷᠤᠨ᠂ ᠴᠠᠭ ᠠᠭᠤᠷ ᠤᠨ ᠬᠤᠪᠢᠷᠠᠯᠲᠠ ᠪᠣᠯᠣᠨ ᠴᠠᠰᠤᠨ ᠤ ᠪᠠᠶᠢᠳᠠᠯ ᠢ ᠦᠨᠳᠦᠰᠦᠯᠡᠨ ᠲᠣᠭᠤᠷᠢᠨ ᠪᠠᠶᠢᠴᠠᠭᠠᠬᠤ ᠪᠠ ᠴᠠᠰᠤ ᠠᠷᠢᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠴᠠᠰᠤ ᠲᠠᠢ ᠴᠠᠭ ᠠᠭᠤᠷ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠬᠤ ᠶᠢ ᠡᠷᠡᠰ ᠰᠠᠶᠢᠲᠤᠷ ᠬᠢᠵᠦ᠂ ᠬᠠᠷᠢᠶ᠎ᠠ ᠣᠷᠣᠨ ᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠂ ᠣᠯᠠᠨ ᠲᠦᠮᠡᠨ ᠤ ᠶᠠᠪᠤᠵᠤ ᠰᠠᠭᠤᠬᠤ ᠶᠢ ᠬᠠᠮᠠᠭᠠᠯᠠᠵᠤ᠂ ᠮᠠᠯᠴᠢᠨ ᠲᠦᠮᠡᠨ ᠳᠤ ᠦᠢᠯᠡᠴᠢᠯᠡᠬᠦ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号