ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠦᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/2/5
      1 ᠰᠠᠷ᠎ᠠ ᠶᠢᠨ 25 ᠤ ᠡᠳᠦᠷ᠂  ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠥᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠺᠠᠳ᠋ᠷ ᠠᠵᠢᠯᠲᠠᠨ᠂ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠤ᠂ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠡᠷᠳᠡᠨᠢᠴᠢᠯᠠᠭᠤ  ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠤᠯᠠᠮᠵᠢᠯᠠᠨ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠦᠬᠡᠭᠡᠷᠡᠯ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ︾ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠪᠥᠬᠦ ᠺᠠᠳ᠋ᠷ ᠠᠵᠢᠯᠲᠠᠨ᠂ ᠠᠷᠠᠳ ᠤᠨ  ᠲᠥᠯᠥᠭᠡᠯᠡᠭᠴᠢᠳ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠥᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠮᠡᠳᠡᠭᠦᠯᠦᠯᠲᠡ ᠳᠤ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠪᠠ ᠠᠵᠢᠯ ᠤᠨ ᠭᠤᠤᠯᠳᠠᠯᠭ᠎ᠠ ᠲᠠᠢ ᠬᠠᠷᠢᠴᠠᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠠᠶᠤᠯᠭᠦᠶ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠷᠠᠯᠲᠠ ᠶᠢᠨ ᠰᠡᠳᠬᠢᠴᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠤᠷᠢᠳᠴᠢᠯᠠᠨ ᠲᠥᠯᠥᠪᠵᠢᠭᠦᠯᠵᠦ᠂ ᠪᠥᠬᠦ ᠰᠤᠮᠤᠨ ᠤ ᠠᠵᠤ ᠠᠬᠤᠢ ᠪᠠ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠯᠤᠴᠢᠯᠠᠪᠠ᠃      
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号