ᠰᠠᠮᠠᠢ ᠰᠤᠮᠤ ᠨᠢ 《 ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ 》 ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠵᠢᠴᠢ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/5
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ 《 ᠵᠢᠷᠭᠤᠭᠠᠨ ᠥᠭᠦᠯᠡᠪᠦᠷᠢ 》 ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠶ ᠣᠶᠢᠯᠠᠭᠠᠭᠤᠯᠤᠨ ᠡᠵᠡᠮᠰᠢᠭᠦᠯᠬᠦ ᠶᠢᠨ ᠲᠥᠯᠥᠭᠡ᠂ 1 ᠰᠠᠷ᠎ᠠ ᠶᠢᠨ 25 ᠤ ᠡᠳᠦᠷ᠂  ᠰᠠᠮᠠᠢ ᠰᠤᠮᠤ   ᠨᠢ《 ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ 》ᠣᠯᠠᠨ  ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠵᠢᠴᠢ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ᠃      ᠬᠤᠷᠠᠯ ᠳᠤ᠂ 《 ᠵᠢᠷᠭᠤᠭᠠᠨ ᠥᠭᠦᠯᠡᠪᠦᠷᠢ 》 ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠣᠶᠢᠯᠠᠭᠠᠵᠤ ᠡᠵᠡᠮᠰᠢᠬᠦ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠬᠦᠨᠳᠦ ᠨᠠᠶᠢᠳᠠᠯᠭ᠎ᠠ ᠶᠢ ᠭᠦᠨᠵᠡᠭᠡᠶ ᠣᠶᠢᠯᠠᠭᠠᠵᠤ᠂ ᠲᠥᠷᠥ ᠶᠢᠨ ᠶᠠᠪᠤᠳᠠᠯ  ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ《 ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ 》 ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠬᠠᠯᠠᠭᠤᠨ ᠲᠠᠯᠠᠷᠬᠠᠯ ᠤᠨ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ《 ᠬᠤᠶᠠᠷ ᠶᠡᠭᠡ ᠶᠠᠪᠤᠳᠠᠯ 》 ᠢ ᠰᠠᠶᠢᠲᠤᠷ ᠬᠢᠬᠦ  ᠵᠡᠷᠭᠡ ᠳᠥᠷᠪᠡᠨ ᠲᠠᠯ᠎ᠠ ᠪᠠᠷ᠂ ᠪᠥᠬᠦ ᠨᠠᠮ ᠤᠨ ᠭᠡᠰᠢᠭᠦᠨ ᠺᠠᠳ᠋ᠷ ᠲᠤ ᠭᠦᠨᠵᠡᠭᠡᠶ ᠪᠥᠭᠡᠳ ᠣᠶᠢᠯᠠᠭᠠᠮᠵᠢᠲᠠᠶ᠂ ᠪᠥᠬᠦ ᠲᠠᠯ᠎ᠠ ᠶᠢᠨ ᠰᠢᠰᠲ᠋ᠧᠮ ᠲᠠᠢ ᠲᠠᠶᠢᠯᠤᠮᠵᠢ ᠬᠢᠪᠠ  ᠃      ᠬᠤᠷᠠᠯ ᠠᠴᠠ᠂《ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ 》 ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠦᠷᠭᠦᠯᠵᠢᠯᠡᠯ ᠮᠥᠨ᠃ ᠪᠦᠬᠦ ᠺᠠᠳ᠋ᠷ ᠠᠵᠢᠯᠲᠠᠨ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠭᠤᠣᠯ ᠰᠡᠳᠦᠪᠲᠦ ᠬᠥᠮᠦᠵᠢᠯ ᠢᠶᠠᠷ ᠲᠣᠬᠢᠶᠠᠯ ᠪᠣᠯᠭᠠᠨ᠂ 《 ᠨᠠᠮ ᠤᠨ ᠠᠴᠢ ᠳᠤ ᠲᠠᠯᠠᠷᠬᠠᠬᠤ᠂ ᠨᠠᠮ  ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ  ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠥᠬᠦ ᠰᠤᠮᠤᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠵᠤ᠂ 《 ᠵᠢᠷᠭᠤᠭᠠᠨ ᠥᠭᠦᠯᠡᠪᠦᠷᠢ 》 ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠶ ᠪᠥᠭᠡᠳ ᠨᠡᠪᠲᠡᠷᠡᠲᠡᠯ᠎ᠡ ᠶᠠᠷᠢᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ 《 ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 》 ᠶᠢᠨ ᠳᠠᠭᠠᠭᠤᠯᠤᠭᠴᠢ᠂ ᠳᠠᠮᠵᠢᠭᠤᠯᠤᠭᠴᠢ᠂ ᠠᠬᠢᠭᠤᠯᠤᠭᠴᠢ ᠪᠠ ᠦᠶᠯᠡᠳᠦᠯᠭᠡᠵᠢᠭᠦᠯᠦᠭᠴᠢ ᠪᠣᠯᠭᠠᠬᠤ ᠪᠠᠷ ᠴᠢᠷᠮᠠᠶᠢᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ《ᠲᠠᠪᠤᠨ ᠶᠡᠭᠡ ᠡᠭᠦᠷᠭᠡ》 ᠪᠠ《ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠠᠢ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号