ᠠᠯᠲᠠᠨᠬᠢᠯᠢ ᠰᠤᠮᠤ ᠨᠢ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ  ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/7
      2024 ᠣᠨ ᠤ 1 ᠰᠠᠷ᠎ᠠ ᠶᠢᠨ 31 ᠤ ᠡᠳᠦᠷ᠂ ᠠᠯᠲᠠᠨᠬᠢᠯᠢ ᠰᠤᠮᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠲᠦᠯᠬᠢᠨ ᠠᠬᠢᠭᠤᠯᠬᠤ ᠬᠤᠷᠠᠯ ᠬᠤᠷᠠᠯᠲᠤᠭᠤᠯᠵᠤ᠂ ᠨᠠᠮ ᠤᠨ ᠬᠤᠷᠢᠶᠠᠨ ᠤ ᠱᠦᠵᠢ ᠶᠤᠰᠤᠲᠤ ᠨᠥᠬᠦᠷ ᠡᠷᠬᠢᠯᠠᠨ᠂ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠬᠦᠨ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ  ᠤᠨ ᠱᠦᠵᠢ᠂ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃      ᠬᠤᠷᠠᠯ ᠳᠤ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠵᠠᠰᠠᠭ ᠤᠨ ᠤᠷᠲᠤᠨ ᠤ ᠳᠡᠳ᠋ ᠰᠤᠮᠤᠨ ᠳᠠᠷᠤᠭ᠎ᠠ ᠴᠧᠩ ᠳ᠋ᠦᠩ ᠨᠥᠬᠦᠷ ᠳᠡᠭᠡᠳᠦ ᠱᠠᠲᠤᠨ ᠤ ᠴᠡᠷᠢᠭ ᠡᠯᠰᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠩᠭᠡᠷᠡᠭᠰᠡᠨ ᠵᠢᠯ ᠤᠳ ᠤᠨ ᠴᠡᠷᠢᠭ ᠡᠯᠰᠡᠬᠦ ᠠᠵᠢᠯ ᠤᠨ ᠲᠤᠷᠰᠢᠯᠭ᠎ᠠ ᠶᠢ ᠳ᠋ᠦᠩᠨᠡᠭᠰᠡᠨ ᠪᠥᠭᠡᠳ ᠣᠳᠣᠬᠠᠨ ᠤ ᠴᠡᠷᠢᠭ ᠡᠯᠰᠡᠬᠦ ᠠᠵᠢᠯ ᠤᠨ ᠬᠡᠯᠪᠡᠷᠢ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ︽ᠴᠡᠷᠢᠭ ᠲᠤ ᠡᠯᠰᠡᠭᠳᠡᠬᠦ ᠠᠷᠠᠳ ᠢᠷᠭᠡᠳ ᠤᠨ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ︾ ᠶᠢᠨ ᠲᠤᠬᠠᠢ ᠬᠠᠷᠢᠭᠤ ᠮᠡᠳᠡᠭᠦᠯᠦᠯᠲᠡ ᠪᠠ ᠲᠠᠨᠢᠯᠴᠠᠭᠤᠯᠭ᠎ᠠ ᠬᠢᠭᠰᠡᠨ ᠪᠠᠶᠢᠨ᠎ᠠ᠃      ᠶᠤᠰᠤᠲᠤ ᠨᠥᠬᠦᠷ ᠠᠴᠠ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠬᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠬᠤ ᠭᠤᠷᠪᠠᠨ ᠲᠠᠯ᠎ᠠ ᠠᠴᠠ ᠣᠨ ᠤ ᠡᠯᠰᠡᠬᠦ ᠡᠭᠦᠷᠭᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠦᠭᠴᠤ᠂ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠣᠶᠤᠲᠠᠳ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠬᠤ ᠠᠵᠠ ᠲᠣᠬᠢᠶᠠᠯ ᠢ ᠠᠰᠢᠭᠯᠠᠨ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠡᠷᠦᠬᠡ ᠳᠤ ᠬᠦᠷᠴᠦ ᠤᠬᠠᠭᠤᠯᠬᠤ᠂ ᠸᠢᠴᠠᠲ ᠪᠠᠷ ᠳᠠᠮᠵᠢᠭᠤᠯᠤᠨ ᠲᠠᠷᠬᠠᠭᠠᠬᠤ᠂ ᠤᠲᠠᠰᠤᠳᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠶᠤᠲᠠᠳ ᠤᠨ ᠴᠡᠷᠢᠭ ᠲᠤ ᠣᠷᠣᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠴᠡᠷᠢᠭ ᠡᠯᠰᠡᠬᠦ ᠡᠭᠦᠷᠭᠡ ᠪᠠᠨ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠤ ᠱᠠᠭᠠᠷᠲᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号