ᠠᠯᠲᠠᠨᠬᠢᠯᠢ ᠰᠤᠮᠤᠨ ᠤ ᠴᠢᠲᠤᠷ ᠤᠨ ᠭᠤᠤᠯ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ︽ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠵᠤ ᠪᠤᠢ
ᠨᠡᠶᠢᠲᠡᠯᠡᠭᠰᠡᠨ ᠴᠠᠭ᠄
2024/2/7
      ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠨᠢᠬᠡ ᠠᠯᠬᠤᠮ ᠬᠦᠨᠵᠡᠬᠡᠶᠢᠷᠠᠨ ᠦᠷᠨᠢᠬᠦᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ  ᠬᠦᠢᠴᠠᠳ ᠪᠠᠲᠠᠷᠠᠭᠤᠯᠬᠤ ᠶᠢᠨ ᠲᠦᠯᠤᠬᠡ᠂ ᠠᠯᠲᠠᠨᠬᠢᠯᠢ ᠰᠤᠮᠤᠨ ᠤ ᠴᠢᠲᠤᠷ ᠤᠨ ᠭᠤᠤᠯ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ︽ᠪᠢᠳᠡᠨ ᠤ ᠪᠠᠶᠠᠷ ᠤᠨ ᠡᠳᠦᠷ᠂ ·ᠴᠠᠭᠠᠨ ᠰᠠᠷ᠎ᠠ︾ ᠶᠢᠨ ᠠᠵᠢᠯᠯᠠᠭ᠎ᠠ ᠲᠠᠢ ᠤᠶᠠᠯᠳᠤᠭᠤᠯᠵᠤ᠂ ︽ᠰᠠᠶᠢᠨ ᠳᠤᠷ᠎ᠠ  ᠶᠢᠨ ᠦᠢᠯᠡᠴᠢᠯᠡᠬᠡᠨ ᠤ ᠠᠵᠢᠯᠯᠠᠭ᠎ᠠ ᠨᠢ ᠨᠠᠮ ᠤᠨ ᠭᠡᠰᠢᠭᠦᠨ ᠤᠷᠢᠲᠠᠪᠠᠷ︾᠂ ︽ᠡᠭᠦᠳᠡ ᠲᠣᠭᠰᠢᠬᠤ ᠠᠵᠢᠯᠯᠠᠭ᠎ᠠ︾ ᠵᠡᠷᠭᠡ ᠪᠠᠷ ᠳᠠᠮᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠬᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠨ ᠰᠡᠳᠬᠢᠯ ᠢ ᠲᠤᠯᠠᠭᠠᠴᠠᠭᠤᠯᠪᠠ᠃      ◆ᠤᠬᠠᠭᠤᠯᠤᠨ ᠲᠠᠶᠢᠯᠪᠤᠷᠢᠯᠠᠬᠤ ᠲᠣᠬᠤᠨᠢᠭᠤᠯᠬᠤ ᠪᠠᠭ᠎ᠠ ᠠᠩᠭᠢ ᠶᠢ ᠵᠣᠬᠢᠶᠠᠨ ᠪᠠᠶᠢᠭᠤᠯᠤᠨ᠂ ᠡᠷᠦᠬᠡ ᠳᠤ ᠬᠦᠨᠵᠡᠬᠡᠶᠢᠷᠠᠨ ᠰᠤᠷᠪᠤᠯᠵᠢᠯᠠᠬᠤ᠂ ᠨᠢᠭᠤᠷᠲᠠᠨ ᠶᠠᠷᠢᠯᠴᠠᠬᠤ ᠬᠡᠯᠪᠡᠷᠢ ᠪᠠᠷ ᠬᠠᠷᠢᠶᠠᠨ ᠤᠷᠤᠨ ᠳᠠᠬᠢ ᠥᠨᠳᠥᠷ ᠨᠠᠰᠤᠲᠠᠢ ᠨᠠᠰᠤᠲᠠᠨ᠂ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠥᠮᠥᠰ ᠲᠤ ᠴᠢᠭᠯᠡᠭᠦᠯᠦᠨ ︽ᠡᠭᠦᠳᠡ ᠲᠣᠭᠰᠢᠬᠤ ᠠᠵᠢᠯᠯᠠᠭ᠎ᠠ︾ ᠶᠢ ᠥᠷᠨᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠤᠶᠢᠯᠠᠭᠠᠵᠤ᠂ ᠠᠮᠤ ᠪᠤᠳᠠᠭ᠎ᠠ  ᠵᠡᠷᠭᠡ ᠲᠣᠬᠤᠨᠢᠭᠤᠯᠬᠤ ᠪᠣᠳᠠᠰ ᠬᠦᠷᠭᠡᠬᠦ ᠶᠢᠨ ᠵᠡᠷᠭᠡ ᠳᠤ ᠠᠯᠲᠠᠨᠬᠢᠯᠢ ᠰᠤᠮᠤᠨ ᠤ ᠲᠠᠷᠤᠮᠯᠠᠨ ᠲᠠᠷᠬᠠᠭᠠᠭᠰᠠᠨ ︽ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠳᠣᠷᠬᠠᠢ ᠺᠠᠷᠲ︾ ᠢ ᠣᠯᠠᠨ ᠲᠦᠮᠡᠨ ᠳᠤ ᠲᠠᠷᠬᠠᠭᠠᠵᠤ᠂ ︽ᠠᠷᠠᠳ ᠲᠤ ᠠᠰᠢᠭ ᠬᠦᠷᠲᠡᠭᠡᠬᠦ ᠺᠠᠷᠲ︾ ᠳᠡᠭᠡᠷᠡᠬᠢ ᠤᠯᠤᠰ ᠤᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢᠨ ᠪᠡᠯᠡ ᠮᠥᠩᠭᠦ ᠶᠢᠨ ᠢᠷᠡᠯᠲᠡ᠂ ᠣᠯᠭᠤᠬᠤ ᠪᠠᠷᠢᠮᠵᠢᠶ᠎ᠠ᠂ ᠣᠯᠭᠤᠬᠤ ᠴᠠᠭ ᠵᠡᠷᠭᠡ ᠶᠢ ᠲᠣᠳᠣᠷᠬᠠᠢ ᠲᠠᠶᠢᠯᠪᠤᠷᠢᠯᠠᠵᠤ᠂ ᠣᠯᠠᠨ ᠲᠦᠮᠡᠨ ᠳᠤ ︽ᠠᠰᠢᠭ ᠬᠦᠷᠲᠡᠭᠡᠬᠦ︾ ᠨᠢ ᠬᠠᠮᠢᠭ᠎ᠠ ᠠᠴᠠ ᠢᠷᠡᠭᠰᠡᠨ ᠢ ᠮᠡᠳᠡᠭᠦᠯᠵᠦ᠂ ︽ᠨᠢᠬᠡ ᠨᠠᠪᠲᠠᠷᠠᠬᠦ ᠺᠠᠷᠲ︾᠂ ︽ᠨᠡᠶᠢᠭᠡᠮ ᠤᠨ ᠪᠠᠲᠤᠯᠠᠭ᠎ᠠ ᠶᠢᠨ ᠺᠠᠷᠲ︾ ᠳᠣᠲᠣᠷᠠᠬᠢ ᠵᠣᠭᠤᠰ ᠮᠦᠩᠬᠦ ᠶᠢ ᠬᠡᠨ ᠥᠭᠭᠦᠭᠰᠡᠨ ᠢ ᠲᠣᠳᠣᠷᠬᠠᠢ ᠶᠠᠷᠢᠵᠤ᠂ ᠵᠣᠯ ᠵᠢᠷᠭᠠᠯᠲᠤ ᠠᠮᠢᠳᠤᠷᠠᠯ ᠨᠢ ᠬᠠᠮᠢᠭ᠎ᠠ ᠠᠴᠠ ᠢᠷᠡᠭᠰᠡᠨ ᠢ ᠮᠠᠲᠠᠬᠦᠯᠪᠠ᠃      ◆ᠨᠠᠰᠤᠲᠠᠨ ᠢᠶᠠᠨ ᠬᠦᠨᠳᠦᠯᠡᠬᠦ᠂ ᠡᠶ᠎ᠡ ᠵᠣᠬᠢᠴᠠᠩᠭᠤᠢ᠂ ᠪᠣᠯᠪᠠᠰᠤᠨ ᠰᠣᠶᠣᠯ ᠢᠷᠭᠡᠨᠰᠢᠯ ᠤᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠤᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ︽ᠬᠠᠮᠲᠤᠷᠠᠭᠰᠠᠨ ᠨᠠᠮ ᠤᠨ ᠪᠠᠶᠢᠭᠤᠯᠤᠯᠲᠠ +︾ ᠵᠠᠭᠪᠤᠷ ᠢᠶᠠᠷ ᠪᠠᠶᠢᠭᠤᠯᠭ᠎ᠠ ᠶᠢᠨ ᠨᠠᠮ ᠤᠨ ᠡᠭᠦᠷ ᠲᠠᠢ ᠬᠤᠯᠪᠣᠭᠠᠯᠠᠵᠤ᠂ ᠨᠡᠶᠢᠭᠡᠮ ᠲᠣᠭᠤᠷᠢᠭ ᠤᠨ ᠠᠵᠢᠯᠲᠠᠨ᠂ ᠲᠤᠤᠷᠵᠢᠯ ᠤᠨ ᠠᠵᠢᠯᠲᠠᠨ᠂ ᠰᠠᠶᠢᠨ ᠲᠤᠷᠠᠴᠤᠤᠯ ᠵᠡᠷᠭᠡ ᠬᠦᠴᠦᠨ ᠢ ᠵᠣᠬᠢᠶᠠᠨ ᠪᠠᠶᠢᠭᠤᠯᠵᠤ᠂ ︽ᠰᠠᠶᠢᠨ ᠳᠤᠷ᠎ᠠ  ᠶᠢᠨ ᠦᠢᠯᠡᠴᠢᠯᠡᠬᠡᠨ ᠤ ᠠᠵᠢᠯᠯᠠᠭ᠎ᠠ ᠨᠢ ᠨᠠᠮ ᠤᠨ ᠭᠡᠰᠢᠭᠦᠨ ᠤᠷᠢᠲᠠᠪᠠᠷ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠥᠨᠳᠥᠷ ᠨᠠᠰᠤᠲᠠᠨ᠂ ᠵᠡᠮᠳᠡᠭ᠂ ᠥᠨᠥᠴᠢᠨ ᠪᠡᠯᠪᠡᠰᠦᠨ᠂ ᠭᠡᠷ ᠲᠡᠭᠡᠨ ᠬᠤᠴᠣᠷᠤᠭᠰᠠᠨ ᠨᠠᠰᠤᠲᠠᠳ ᠢ ᠬᠠᠪᠰᠤᠷᠤᠨ ᠬᠦᠷᠢᠶ᠎ᠡ ᠬᠠᠰᠢᠶ᠎ᠠ ᠶᠢ ᠨᠢ ᠴᠡᠪᠡᠷᠯᠡᠬᠦ᠂ ᠴᠠᠰᠤ ᠠᠷᠢᠯᠭᠠᠬᠤ᠂ ᠰᠤᠯᠠ ᠵᠠᠳᠠᠭᠠᠢ ᠡᠳ᠋ ᠪᠣᠳᠠᠰ ᠢ  ᠬᠤᠷᠢᠶᠠᠬᠤ ᠵᠡᠷᠭᠡ ᠠᠵᠢᠯ ᠢ ᠬᠢᠬᠦ ᠬᠠᠮᠲᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠭᠠᠭᠴᠠᠭᠠᠷ ᠰᠠᠭᠤᠭᠰᠠᠨ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠴᠠᠬᠢᠯᠭᠠᠨ ᠤᠲᠠᠰᠤ ᠳᠤᠷ᠎ᠠ ᠪᠠᠷ ᠢᠶᠠᠨ ᠵᠠᠯᠭᠠᠭᠰᠠᠨ ᠡᠰᠡᠬᠦ᠂ ᠴᠠᠬᠢᠯᠭᠠᠨ ᠬᠡᠷᠡᠭᠰᠡᠯ  ᠨᠢ ᠡᠪᠳᠡᠷᠡᠭᠰᠡᠨ ᠡᠰᠡᠬᠦ ᠵᠡᠷᠭᠡ ᠪᠠᠶᠢᠳᠠᠯ ᠢ ᠨᠠᠷᠢᠨ ᠪᠠᠶᠢᠴᠠᠭᠠᠵᠤ᠂ ᠨᠠᠰᠤᠲᠠᠶᠢᠴᠤᠳ ᠢ ᠵᠢᠯᠣᠭᠤᠳᠤᠨ ᠴᠠᠬᠢᠯᠭᠠᠨ ᠲᠥᠬᠦᠭᠡᠷᠦᠮᠵᠢ ᠶᠢ ᠵᠥᠪ ᠬᠡᠷᠡᠭᠯᠡᠭᠦᠯᠵᠦ᠂ ᠰᠠᠨᠠᠭᠠᠨ ᠳᠤ ᠦᠭᠡᠢ ᠬᠡᠷᠡᠭ ᠭᠠᠷᠬᠤ ᠠᠴᠠ ᠵᠠᠶᠢᠯᠠᠰᠬᠢᠬᠦ ᠶᠢ ᠰᠠᠷᠬᠡᠶᠢᠯᠠᠪᠠ᠃      ◆ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠤᠯᠠᠮ ᠨᠢᠭᠡ ᠠᠯᠬᠤᠮ ᠠᠷᠢᠯᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠷᠢᠭᠤᠨ ᠴᠡᠪᠡᠷ᠂ ᠪᠣᠯᠪᠠᠰᠤᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠤᠶ ᠪᠣᠯᠭᠠᠵᠤ᠂ ᠰᠠᠭᠤᠭᠠᠯᠢ ᠠᠷᠠᠳ ᠤᠨ ᠠᠮᠤᠷ ᠠᠮᠤᠭᠤᠯᠠᠩ ᠪᠠᠶᠠᠷ ᠴᠡᠩᠭᠡᠯ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠦᠯᠤᠬᠡ  ᠴᠢᠲᠤᠷ ᠤᠨ ᠭᠤᠣᠯ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ᠲᠤᠤᠷᠵᠢᠯ ᠢᠶᠠᠷ ᠬᠡᠰᠡᠭ ᠬᠤᠪᠢᠶᠠᠵᠤ᠂ ᠰᠡᠳᠬᠢᠯ ᠢ ᠳᠤᠯᠠᠭᠠᠴᠠᠭᠤᠯᠬᠤ ᠪᠠᠭ᠎ᠠ ᠠᠩᠭᠢ ᠶᠢ ᠵᠣᠬᠢᠶᠠᠨ ᠪᠠᠶᠢᠭᠤᠯᠤᠨ᠂ ᠬᠠᠷᠢᠶᠠᠨ ᠤᠷᠤᠨ ᠳᠠᠬᠢ ᠭᠤᠣᠯ ᠵᠠᠮ᠂ ᠵᠠᠮ ᠤᠨ ᠠᠭᠤᠯᠵᠠᠷ ᠵᠡᠷᠭᠡ ᠭᠠᠵᠠᠷ ᠤᠨ ᠴᠠᠰᠤ ᠶᠢ ᠴᠡᠪᠡᠷᠯᠡᠨ ᠮᠥᠰᠥ ᠶᠢ ᠠᠷᠢᠯᠭᠠᠵᠤ᠂ ᠨᠡᠶᠢᠲᠡ 30 ᠭᠠᠷᠤᠢ ᠬᠥᠮᠥᠨ ᠤᠳᠠᠭ᠎ᠠ ᠬᠥᠳᠡᠯᠵᠦ᠂ 40 ᠭᠠᠷᠤᠢ ᠲᠡᠷᠭᠡ ᠴᠠᠰᠤ ᠶᠢ ᠴᠡᠪᠡᠷᠯᠡᠵᠦ᠂ ᠲᠡᠷᠭᠡ ᠬᠥᠰᠬᠡ ᠶᠢᠨ ᠬᠡᠪ ᠢᠶᠠᠷ ᠣᠷᠣᠵᠤ ᠭᠠᠷᠬᠤ ᠶᠢ ᠪᠠᠲᠤᠯᠠᠵᠤ᠂ ︽ᠪᠠᠭ᠎ᠠ ᠠᠵᠢᠯᠯᠠᠭ᠎ᠠ︾ ᠪᠠᠷ ︽ᠠᠷᠠᠳ ᠤᠨ ᠠᠮᠢᠳᠤᠷᠠᠯ︾ ᠢ ᠪᠠᠲᠤᠯᠠᠵᠤ᠂ ᠠᠷᠠᠳ ᠲᠤ ︽ᠠᠮᠤᠷ ᠠᠮᠤᠭᠤᠯᠠᠩ ᠵᠠᠮ︾  ᠢ ᠴᠡᠪᠡᠷᠯᠡᠵᠦ ᠥᠭᠪᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号