ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠨᠠᠷ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠴᠠᠭᠠᠨ ᠰᠠᠷ᠎ᠠ ᠶᠢᠨ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/2/7
      2 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠨᠠᠷ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠴᠠᠭᠠᠨ ᠰᠠᠷ᠎ᠠ ᠶᠢᠨ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠤ᠂ ᠰᠤᠮᠤᠨ ᠤ ᠨᠠᠮ ᠵᠠᠰᠠᠭ ᠤᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ ᠪᠠᠷ᠎ᠠ ᠪᠣᠯᠪᠠ᠃      ᠪᠠᠶᠢᠴᠠᠭᠠᠬᠤ ᠳᠤᠭᠤᠶᠢᠯᠠᠩ ᠨᠢ ᠲᠣᠰᠣ ᠨᠡᠮᠡᠬᠦ ᠥᠷᠲᠡᠭᠡ᠂ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ  ᠭᠤᠤᠯᠲᠠᠯᠭᠠᠲᠤ ᠭᠠᠵᠠᠷ ᠳᠤ ᠭᠦᠨᠵᠡᠭᠡᠶᠢᠷᠡᠨ ᠪᠠᠶᠢᠴᠠᠭᠠᠯᠲᠠ ᠬᠢᠵᠦ᠂ ᠡᠯ᠎ᠡ ᠡᠵᠡᠩᠨᠡᠯᠲᠡ ᠶᠢᠨ ᠲᠠᠯᠠᠪᠤᠷ ᠤᠨ ᠪᠠᠶᠢᠳᠠᠯ ᠢ ᠨᠠᠷᠢᠨ ᠣᠶᠢᠯᠠᠭᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠠᠶᠥᠯᠬᠦᠢ ᠦᠢᠯᠡᠳᠪᠦᠷᠢᠯᠡᠯ ᠤᠨ ᠠᠵᠢᠯ ᠵᠢᠴᠢ ᠠᠶᠥᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠬᠦᠯᠦᠭᠰᠡᠨ ᠪᠠᠶᠢᠳᠠᠯ᠂ ᠠᠶᠥᠯᠬᠦᠢ ᠦᠢᠯᠡᠳᠪᠦᠷᠢᠯᠡᠯ ᠤᠨ ᠬᠥᠮᠦᠵᠢᠯ ᠪᠤᠯᠪᠠᠰᠤᠷᠠᠯ ᠵᠡᠷᠭᠡ ᠠᠭᠤᠯᠭ᠎ᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠭᠰᠡᠨ ᠪᠥᠭᠡᠳ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠢ ᠲᠤᠰᠬᠠᠨ᠂ ᠵᠢᠯᠤᠭᠤᠳᠬᠤ ᠰᠠᠨᠠᠯ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠡᠯ᠎ᠡ ᠲᠦᠷᠤᠯ ᠤᠨ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠲᠠᠯᠭᠠᠲᠤ ᠲᠠᠯ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠯᠲᠠ ᠤᠷᠤᠰᠢᠵᠦ ᠪᠠᠶᠢᠭ᠎ᠠ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ  ᠪᠠᠲᠤᠯᠠᠨ᠎ᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号