ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/2/7
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠪᠠ      ᠬᠤᠷᠠᠯ ᠠᠴᠠ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠶᠠᠷᠢᠶ᠎ᠠ ᠶᠢ ᠤᠯᠠᠮᠵᠢᠯᠠᠵᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ      ᠼᠠᠢ ᠴᠢ ᠳ᠋ᠦᠩᠨᠡᠯᠲᠡ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ      ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 4 ᠤ ᠴᠠᠭᠢᠯᠭᠠᠨ ᠮᠡᠳᠡᠭᠡ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ 4 ᠤ ᠡᠳᠦᠷ ᠪᠡᠭᠡᠵᠢᠩ ᠳᠤ ᠬᠤᠷᠠᠯᠳᠤᠪᠠ᠃      ᠲᠦᠷᠦᠭᠦᠬᠡᠨ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠪᠣᠯᠣᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ ᠢ ᠬᠢᠨᠠᠨ ᠵᠥᠪᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠦᠭᠦ ᠨᠠᠮ ᠢᠶᠠᠷ ᠢᠶᠠᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠶᠢ ᠡᠭᠢᠯᠡᠯᠲᠡ ᠶᠢᠨ ᠵᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠬᠤ ᠶᠢ ᠲᠤᠪᠤᠶᠢᠯᠭᠠᠵᠥ᠂ ᠢᠯᠠᠩᠭᠤᠶ᠎ᠠ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠠᠰᠠᠭᠤᠳᠠᠯ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠨᠠᠮ ᠤᠨ ᠪᠠᠶᠢᠭᠤᠯᠤᠯᠲᠠ ᠶᠢᠨ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠢᠱᠢᠭᠰᠡᠨ ᠬᠠᠷᠠᠯᠲᠠ ᠳᠠᠭᠠᠨ ᠬᠦᠷᠴᠦ᠂ ᠢᠯᠡᠳᠲᠡ ᠦᠷ᠎ᠡ ᠪᠦᠲᠦᠮᠵᠢ ᠣᠯᠪᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠠᠨᠠᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠬᠤ ᠶᠢ ᠪᠠᠷᠢᠮᠲᠠᠯᠠᠬᠤ ᠪᠠᠷ ᠲᠠᠮᠵᠢᠨ᠂ ᠵᠢᠮ᠎ᠡ ᠶᠣᠰᠣ ᠶᠢ ᠣᠶᠢᠯᠠᠭᠠᠵᠤ᠂ ᠴᠢᠭᠯᠡᠯ ᠢᠶᠠᠨ ᠲᠣᠳᠣᠷᠬᠠᠶᠢᠯᠠᠵᠤ᠂ ᠠᠷᠭ᠎ᠠ ᠶᠢ ᠰᠤᠷᠤᠯᠴᠠᠵᠤ᠂ ᠤᠶᠤᠨ ᠤᠬᠠᠭᠠᠨ ᠢᠶᠠᠨ ᠨᠡᠮᠡᠭᠳᠡᠭᠦᠯᠵᠦ᠂ ᠦᠨᠳᠦᠰᠦ ᠰᠠᠭᠤᠷᠢ ᠪᠠᠨ ᠪᠠᠬᠢᠵᠢᠭᠦᠯᠵᠦ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠬᠥᠮᠥᠵᠢᠭᠦᠯᠦᠨ ᠵᠢᠯᠤᠭᠤᠳᠴᠤ᠂ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠳᠦᠷᠢᠮ ᠲᠣᠭᠲᠠᠭᠠᠯ ᠲᠣᠭᠲᠠᠭᠠᠵᠤ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠵᠦ᠂ ᠠᠷᠠᠳ ᠤᠯᠠᠨ ᠳᠤ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ᠃ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠪᠣᠳᠠᠲᠠᠢ ᠶᠢ ᠡᠷᠭᠢᠮᠯᠡᠭᠦ ᠰᠤᠷᠲᠠᠯ᠂ ᠠᠷᠢᠭᠤᠨ ᠴᠢᠬᠡᠴᠢ ᠰᠤᠷᠲᠠᠯ᠂ ᠠᠷᠪᠢᠴᠢ ᠪᠣᠷᠣᠭᠵᠢᠭᠤᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠭᠦ ᠨᠠᠮ ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠠᠢ ᠪᠠᠷ ᠬᠢᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠡᠷᠬᠢᠮᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠭᠤᠣᠯ ᠰᠡᠳᠦᠪᠲᠦ ᠬᠥᠮᠦᠵᠢᠯ ᠤᠨ ᠣᠯᠣᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ ᠭᠦᠨᠵᠡᠭᠡᠢ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠼᠠᠢ ᠴᠢ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠣᠭᠰᠠᠨ ᠤ ᠦᠨᠳᠦᠰᠦᠨ ᠰᠢᠯᠲᠠᠭᠠᠨ ᠨᠢ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ᠂ ᠰᠢᠭᠤᠳ ᠤᠳᠤᠷᠢᠳᠴᠤ᠂ ᠪᠦᠭᠦ ᠶᠠᠪᠤᠴᠠ ᠪᠠᠷ ᠵᠢᠭᠠᠨ         ᠵᠢᠯᠤᠭᠤᠳᠴᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠤᠭᠰᠠᠨ ᠳᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠤ ᠣᠷᠤᠯᠴᠠᠬᠤ ᠶᠢᠨ ᠬᠠᠮᠲᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ  ᠪᠠᠶᠢᠩᠭᠤ ᠶᠢᠨ ᠬᠤᠷᠢᠶ᠎ᠠ ᠶᠢᠨ ᠬᠤᠷᠠᠯ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠭᠤᠣᠯ ᠰᠡᠳᠦᠪᠲᠦ ᠬᠥᠮᠦᠵᠢᠯ ᠤᠨ ᠲᠣᠭᠤᠷᠢᠨ ᠳᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠪᠣᠯᠣᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠭᠢᠯᠡᠭᠦ ᠶᠢᠨ ᠬᠠᠮᠲᠤ ᠤᠯᠠᠨ ᠤᠳᠠᠭ᠎ᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠭᠤᠣᠯ ᠰᠡᠳᠦᠪᠲᠦ ᠬᠥᠮᠦᠵᠢᠯ ᠳᠤ ᠱᠠᠭᠠᠷᠳᠠᠯᠭ᠎ᠠ ᠳᠤᠷᠠᠳᠴᠤ᠂ ᠠᠯᠢ ᠤᠯᠠᠨ ᠴᠢᠬᠤᠯᠠ ᠥᠭᠦᠯᠡᠯᠲᠡ ᠬᠢᠵᠦ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠳᠤ ᠴᠢᠭᠯᠡᠯ ᠢ ᠵᠢᠭᠠᠵᠤ᠂ ᠴᠢᠬᠤᠯᠠ ᠵᠢᠷᠤᠮᠯᠠᠯ ᠬᠠᠩᠭᠠᠪᠠ ᠭᠡᠵᠦ ᠵᠢᠭᠠᠵᠤ ᠭᠠᠷᠭᠠᠪᠠ᠃      ᠼᠠᠢ ᠴᠢ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠨᠢ ᠰᠢᠨ᠎ᠡ ᠴᠠᠭ ᠦᠶ᠎ᠡ ᠳᠤ ᠨᠠᠮ ᠤᠨ ᠳᠣᠲᠣᠭᠠᠳᠤ ᠳᠤ ᠲᠥᠪᠯᠡᠷᠡᠩᠭᠦᠢ ᠬᠥᠮᠦᠵᠢᠯ ᠥᠷᠨᠢᠭᠦᠯᠬᠦ ᠳᠤ ᠰᠢᠨ᠎ᠡ ᠲᠤᠷᠰᠢᠯᠭ᠎ᠠ ᠬᠤᠷᠠᠮᠳᠤᠭᠤᠯᠵᠠᠢ᠂ ᠭᠤᠣᠯᠳᠠᠭᠤ᠄ ᠤᠨᠤᠯ ᠤᠨ ᠰᠤᠷᠤᠯᠴᠠᠯᠭ᠎ᠠ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠬᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠬᠤ᠂ ᠭᠤᠣᠯ ᠡᠭᠦᠷᠭᠡ ᠳᠤ ᠦᠢᠯᠡᠴᠢᠯᠡᠬᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ᠂ ᠳᠡᠭᠡᠷ᠎ᠡ ᠱᠠᠲᠤ ᠨᠢ ᠳᠣᠣᠷ᠎ᠠ ᠱᠠᠲᠤᠨ ᠳᠠᠭᠠᠨ ᠳᠠᠭᠤᠷᠢᠶᠠᠯ ᠪᠣᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠶᠢ ᠪᠠᠭᠲᠠᠭᠠᠨ᠎ᠠ᠂ ᠰᠠᠶᠢᠲᠤᠷ ᠳ᠋ᠦᠩᠨᠡᠵᠦ᠂ ᠰᠠᠶᠢᠲᠤᠷ ᠬᠡᠷᠡᠭᠯᠡᠬᠦ ᠶᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ᠃      ᠼᠠᠢ ᠴᠢ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠦᠭᠦ ᠨᠠᠮ ᠤᠨ ᠪᠦᠯᠬᠦᠮᠳᠡᠯ ᠨᠢᠭᠡᠳᠦᠯ ᠤᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠮᠠᠷᠺᠰ ᠤᠨ ᠦᠵᠡᠯ ᠤᠨ ᠴᠢᠬᠤᠯᠠ ᠠᠭᠤᠯᠭ᠎ᠠ ᠶᠢ ᠦᠨᠡᠨ ᠬᠦ ᠰᠤᠷᠤᠯᠴᠠᠵᠤ ᠮᠡᠳᠡᠬᠦ ᠶᠢ ᠠᠬᠢᠭᠤᠯᠬᠤ ᠬᠡᠷᠡᠭᠲᠡᠢ᠃ ᠪᠦᠭᠦ ᠨᠠᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠭᠦ ᠨᠠᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠷᠰᠢᠯᠭ᠎ᠠ ᠶᠢ ᠰᠠᠶᠢᠲᠤᠷ ᠬᠡᠷᠡᠭᠯᠡᠵᠦ᠂ ᠮᠠᠨ ᠤ ᠨᠠᠮ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠰᠢᠯᠢᠳᠡᠭ ᠰᠤᠷᠲᠠᠯ ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠦᠭᠦ ᠨᠠᠮ ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠳᠤᠮ ᠤᠨ ᠳᠠᠳᠬᠠᠯ ᠪᠠ ᠠᠵᠢᠯᠯᠠᠭᠠᠨ ᠤ ᠪᠠᠷᠢᠮᠵᠢᠶ᠎ᠠ ᠪᠤᠯᠭᠠᠬᠤ ᠶᠢ ᠠᠬᠢᠭᠤᠯᠬᠤ ᠬᠡᠷᠡᠭᠲᠡᠢ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠶᠣᠰᠣᠭᠠᠷ ᠨᠠᠮ ᠢ ᠵᠠᠰᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠯᠢ ᠭᠠᠨ ᠵᠢᠶᠧ ᠬᠤᠷᠠᠯ ᠢ ᠡᠷᠭᠢᠯᠡᠵᠦ᠂ ᠯᠢ ᠱᠥ ᠯᠧᠢ᠂ ᠵᠢᠶᠠᠩ ᠰᠢᠨ ᡁᠢ ᠪᠣᠯᠣᠨ ᠮᠢᠶᠣᠣ ᠬᠤᠸᠠ ᠬᠤᠷᠠᠯ ᠳᠤ ᠣᠷᠣᠯᠴᠠᠪᠠ᠃      ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ᠣᠷᠣᠨ ᠬᠤᠲᠠ ᠪᠣᠯᠣᠨ ᠳᠡᠳ᠋ ᠮᠤᠵᠢ ᠶᠢᠨ ᠲᠠᠰ ᠤᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠥᠪ ᠤᠨ ᠲᠣᠭᠤᠷᠢᠨ ᠵᠢᠯᠤᠭᠤᠳᠬᠤ ᠳᠤᠭᠤᠶᠢᠯᠠᠩ ᠪᠣᠯᠣᠨ ᠮᠤᠵᠢ ᠶᠢᠨ ᠲᠠᠰ ᠤᠨ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃ ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠨᠢᠳᠤᠨᠤᠨ ᠤ 4 ᠰᠠᠷ᠎ᠠ ᠠᠴᠠ ᠡᠬᠢᠯᠡᠭᠦᠯᠦᠨ᠂ ᠳᠡᠭᠡᠷ᠎ᠡ ᠠᠴᠠ ᠳᠣᠷᠣᠭᠰᠢ ᠬᠤᠶᠠᠷ ᠪᠦᠯᠦᠭ ᠬᠤᠪᠢᠶᠠᠨ ᠶᠠᠪᠤᠭᠳᠠᠭᠤᠯᠵᠤ᠂ ᠣᠳᠣᠬᠠᠨ ᠳᠤ ᠦᠨᠳᠦᠰᠦᠨ ᠳᠡᠭᠡᠨ ᠳᠠᠭᠤᠰᠴᠠᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号