2024 ᠤᠠ ᠤ ᠪᠦᠬᠦ ᠬᠤᠰᠢᠭᠤᠠ ᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠲᠣᠬᠠᠢ ᠵᠠᠬᠦᠠ ᠦᠵᠣᠮᠣᠴᠢᠠ ᠬᠤᠰᠢᠭᠤᠠ ᠤ ᠠᠷᠠᠣᠠ ᠤᠨ ᠵᠠᠰᠠᠭ ᠤᠨ ᠤᠷᠳᠣᠠ ᠤ ᠠᠯᠪᠠᠠ ᠵᠠᠷᠯᠠᠯ
ᠨᠡᠶᠢᠲᠡᠯᠡᠭᠰᠡᠨ ᠴᠠᠭ᠄
2024/3/1
ᠥᠷᠭᠡᠨ ᠤᠯᠠᠨ ᠮᠠᠯᠴᠢᠨ ᠲᠦᠮᠡᠨ ᠳᠤ᠄      ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠪᠥᠬᠦ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2024 ᠣᠨ ᠳᠤ ᠮᠠᠨ ᠤ ᠬᠤᠰᠢᠭᠤ ᠨᠢ ᠮᠠᠯ ᠪᠠᠯᠴᠢᠬᠡᠷ ᠤᠨ ᠲᠠᠩᠴᠠᠬᠦᠷᠢ ᠶᠢ ᠪᠠᠳᠣᠯᠬᠠᠣ ᠤᠷᠣᠠ ᠳᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠠᠵᠢᠯ ᠢ ᠦᠷᠬᠦᠯᠵᠢᠯᠠᠠ ᠦᠷᠨᠢᠭᠦᠯᠬᠦ ᠪᠠᠷ ᠪᠣᠯᠪᠠ᠂ ᠡᠯ᠎ᠡ ᠲᠦᠷᠦᠯ ᠤᠨ ᠠᠵᠢᠯ ᠤᠨ ᠣᠷᠣᠭᠰᠢᠲᠠᠢ ᠶᠠᠪᠣᠭᠳᠠᠬᠤ ᠶᠢ ᠪᠠᠲᠤᠯᠠᠬᠤ ᠶᠢᠨ ᠲᠦᠯᠦᠭᠡ᠂ ᠳᠣᠤᠷᠠᠬᠢ ᠮᠡᠲᠦ ᠵᠠᠷᠯᠠᠶ᠎ᠠ᠄      ᠨᠢᠬᠡ᠂ ᠪᠠᠯᠴᠢᠬᠡᠷ ᠰᠠᠷᠬᠦᠬᠡᠬᠦ ᠬᠡᠪᠴᠢᠶ᠎ᠠ ᠪᠠ ᠬᠤᠭᠤᠴᠠᠭ᠎ᠠ      (ᠨᠢᠬᠡ)ᠪᠠᠯᠴᠢᠬᠡᠷ ᠰᠠᠷᠬᠦᠬᠡᠬᠦ ᠬᠡᠪᠴᠢᠶ᠎ᠠ᠃ ᠪᠦᠬᠦ ᠬᠤᠰᠢᠭᠤᠠ ᠤ 10 ᠰᠣᠮᠣ ᠪᠠᠯᠭᠠᠰᠣᠠ ︵ᠲᠠᠯᠠᠪᠠᠢ︶  ᠤ 62 ᠬ᠋ᠠᠴᠠᠭᠠᠠ ᠤ ᠮᠠᠯ ᠪᠠᠯᠴᠢᠬᠡᠷ ᠤᠨ ᠲᠠᠩᠴᠠᠬᠦᠷᠢ ᠶᠢ ᠪᠠᠳᠣᠯᠬᠠᠣ ᠤᠷᠣᠠ ᠤ 4961.19 ᠲᠦᠮᠠᠠ ᠮᠣ᠋ ᠨᠣᠳᠤᠭ ᠪᠠᠯᠴᠢᠬᠡᠷ ᠲᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠶᠢ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ᠶᠢ ᠪᠡᠯᠴᠢᠭᠡᠷᠯᠡᠭᠦᠯᠵᠦ ᠪᠣᠯᠬᠤ ᠦᠭᠡᠢ᠂ ᠮᠣᠷᠢ ᠪᠠ ᠲᠠᠮᠠᠬᠡ ᠶᠢ ᠪᠠᠭᠳᠠᠭᠠᠬᠤ ᠦᠬᠡᠢ᠃      (ᠬᠤᠶᠠᠷ)ᠪᠠᠯᠴᠢᠬᠡᠷ ᠰᠠᠷᠬᠦᠬᠡᠬᠦ ᠬᠤᠭᠤᠴᠠᠭ᠎ᠠ᠃  ᠪᠥᠬᠦ ᠬᠤᠰᠢᠭᠤᠨ ᠤ ᠪᠡᠯᠴᠢᠭᠡᠷ ᠤᠨ ᠲᠥᠷᠥᠯ     ᠬᠡᠯᠪᠡᠷᠢ᠂ ᠬᠤᠷ᠎ᠠ ᠲᠣᠨᠣᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ᠂ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠬᠤᠭᠤᠴᠠᠭ᠎ᠠ ᠶᠢ 4 ᠰᠠᠷ᠎ᠠ ᠶᠢᠨ 5 ᠤ ᠡᠳᠣᠷ ᠠᠴᠠ 5 ᠰᠠᠷ᠎ᠠ ᠶᠢᠨ 19 ᠤ ᠡᠳᠣᠷ ᠪᠣᠯᠳᠠᠯ᠎ᠠ᠂ ᠨᠠᠶᠢᠳᠠ 45 ᠡᠳᠣᠷ ᠢᠶᠠᠷ ᠲᠣᠭᠲᠠᠭᠠᠪᠠ᠃      ᠬᠤᠶᠠᠷ᠂ ᠨᠦᠬᠦᠪᠦᠷᠢ ᠣᠯᠭᠤᠬᠤ ᠠᠷᠭ᠎ᠠ      ( ᠨᠢᠭᠡ)ᠨᠦᠬᠦᠪᠣᠷᠢ ᠣᠯᠭᠤᠬᠤ ᠪᠠᠷᠢᠮᠵᠢᠶ᠎ᠠ᠃ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠠᠵᠢᠯ ᠤᠨ ᠪᠣᠳᠠᠳᠣ ᠦᠷ᠎ᠠ ᠪᠦᠳᠣᠮᠵᠢ ᠤᠯᠬᠤ ᠶᠢ ᠪᠠᠳᠣᠯᠬᠠᠣ ᠶᠢᠨ ᠲᠦᠯᠣᠬᠡ᠂ ᠪᠠᠯᠴᠢᠬᠡᠷ ᠰᠠᠷᠬᠦᠬᠡᠬᠦ ᠶᠢ ᠬᠡᠷᠡᠭᠵᠢᠬᠦᠯᠦᠭᠰᠡᠨ ᠮᠠᠯᠵᠢᠬᠤ ᠡᠷᠣᠬᠡ ᠳᠤ ᠪᠠᠯᠴᠢᠬᠡᠷ ᠰᠠᠷᠬᠦᠬᠡᠭᠰᠠᠠ ᠨᠣᠳᠤᠭ ᠪᠠᠯᠴᠢᠬᠡᠷ ᠤᠨ ᠲᠠᠯᠠᠪᠠᠢ ᠪᠠᠷ ᠪᠠᠯᠴᠢᠬᠡᠷ ᠰᠠᠷᠬᠦᠬᠡᠭᠰᠠᠠ ᠨᠦᠬᠦᠪᠣᠷᠢ ᠣᠯᠭᠤᠵᠣ᠂  ᠨᠦᠬᠦᠪᠦᠷᠢ ᠣᠯᠭᠤᠬᠤ ᠪᠠᠷᠢᠮᠵᠢᠶ᠎ᠠ  ᠨᠢ ᠮᠣ᠋ ᠪᠦᠷᠢ 1.125 ᠲᠦᠬᠦᠷᠢᠭ(ᠡᠩ ᠤᠨ ᠪᠠᠯᠴᠢᠬᠡᠷᠯᠠᠬᠦᠯᠬᠦ ᠶᠢ ᠴᠠᠭᠠᠵᠠᠯᠬᠠᠣ ᠤᠷᠣᠠ ᠤ ᠪᠠᠷᠢᠮᠵᠢᠶ᠎ᠠ ᠪᠠᠷ ᠯᠠᠪᠯᠠᠯᠳᠠ ᠪᠣᠯᠭᠠᠪᠠ)᠃      ( ᠬᠤᠶᠠᠷ)ᠨᠦᠬᠦᠪᠣᠷᠢ ᠲᠠᠷᠬᠠᠭᠠᠬᠤ ᠠᠯᠬᠤᠮ ᠳᠠᠷᠠᠭ᠎ᠠ᠃ ᠬ᠋ᠠᠴᠠᠭ᠎ᠠ ᠪᠠᠷ ᠨᠢᠬᠡᠴᠢ ᠪᠣᠯᠭᠠᠠ ᠰᠣᠮᠣ ᠪᠠᠯᠭᠠᠰᠣᠠ ᠳᠠᠭᠠᠨ ᠮᠠᠳᠠᠬᠦᠯᠵᠣ᠂ ᠰᠣᠮᠣ ᠪᠠᠯᠭᠠᠰᠣ ᠨᠢ ᠬ᠋ᠠᠴᠠᠭ᠎ᠠ ᠪᠠᠷ ᠨᠢᠬᠡᠴᠢ ᠪᠣᠯᠭᠠᠠ ᠬᠢᠨᠠᠠ ᠬᠠᠷᠭᠤᠭᠤᠯᠵᠣ ᠢᠯᠡ ᠨᠡᠶᠢᠲᠡᠯᠡᠨ᠂ ᠢᠯᠡ ᠨᠠᠶᠢᠳᠠᠯᠠᠬᠦ ᠬᠤᠭᠤᠴᠠᠭ᠎ᠠ ᠨᠢ 5 ᠡᠳᠣᠷ᠂ ᠢᠯᠠ ᠨᠡᠶᠢᠲᠡᠯᠡᠬᠦ ᠬᠤᠭᠤᠴᠠᠭᠠᠠ ᠳᠤ ᠤᠠᠳᠣᠣ ᠰᠠᠨᠠᠯ ᠦᠬᠡᠢ ᠪᠣᠯ᠂ ᠬᠤᠰᠢᠭᠤ ᠤᠢ ᠰᠢᠭᠤᠢ ᠪᠠ ᠨᠣᠳᠤᠭ ᠪᠠᠯᠴᠢᠬᠡᠷ ᠤᠨ ᠲᠣᠪᠴᠢᠶ᠎ᠠ ᠳᠤ ᠮᠠᠳᠠᠬᠦᠯᠵᠣ ᠬᠠᠷᠭᠤᠭᠤᠯᠣᠠ ᠨᠣᠳᠠᠯᠬᠠᠰᠠᠠ ᠤ ᠰᠠᠬᠦᠯᠠᠷ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠨᠢ《ᠨᠢᠬᠡ ᠺᠠᠷᠲ ᠢᠶᠠᠷ  ᠲᠠᠷᠬᠠᠭᠠᠬᠤ》 ᠪᠠᠷ ᠲᠠᠮᠵᠢᠭᠤᠯᠣᠠ ᠲᠠᠷᠬᠠᠭᠠᠨ᠎ᠠ᠃      ᠬ᠋ᠤᠷᠪᠠ᠂ ᠬᠦᠳᠠᠯᠬᠡᠬᠡᠠ ᠤ ᠲᠠᠯᠠᠪᠠᠢ      ᠮᠠᠯᠵᠢᠬᠤ ᠡᠷᠣᠬᠡ ᠰᠠᠭᠤᠷᠢ ᠪᠦᠲᠦᠭᠡᠨ ᠪᠠᠶᠢᠭᠤᠯᠣᠯᠲᠠ ᠪᠠᠷ ᠢᠶᠠᠨ ᠬ᠋ᠤᠣᠯ ᠪᠣᠯᠭᠠᠠ᠂ ᠬᠠᠪᠣᠷ ᠤᠨ ᠤᠯᠠᠷᠢᠯ  ᠤᠨ ᠤᠷᠭᠤᠯᠳᠠ ᠶᠢᠨ ᠬᠤᠭᠤᠴᠠᠭᠠᠠ ᠤ ᠮᠠᠯ ᠤᠨ ᠬᠦᠳᠠᠯᠬᠡᠬᠡᠠ ᠤ ᠲᠠᠯᠠᠪᠠᠢ ᠲᠣᠬᠢᠷᠠᠭᠤᠯᠣᠨ᠎ᠠ᠃ ᠬᠤᠨᠢ ᠪᠦᠷᠢ 20 ᠲᠡᠭᠰᠢ ᠲᠦᠷᠪᠠᠯᠵᠢᠠ ᠮᠧᠲᠷ ᠨᠣᠳᠤᠭ ᠪᠠᠯᠴᠢᠬᠡᠷ ᠢᠶᠠᠷ ᠮᠠᠯ ᠤᠨ ᠬᠦᠳᠠᠯᠬᠡᠬᠡᠠ ᠤ ᠲᠠᠯᠠᠪᠠᠢ ᠲᠣᠬᠢᠷᠠᠭᠤᠯᠬᠤ ᠶᠢᠨ ᠬᠠᠮᠳᠣ᠂ ᠮᠠᠠ ᠤ ᠬᠤᠰᠢᠭᠤᠠ ᠤ ᠮᠠᠯᠵᠢᠬᠤ ᠦᠢᠯᠠᠣᠠᠪᠣᠷᠢᠯᠠᠯ ᠤᠨ ᠬᠤᠷᠠᠭ᠎ᠠ ᠰᠠᠯᠭᠠᠬᠤ ᠵᠠᠷᠬᠡ ᠪᠣᠳᠠᠳᠠᠢ ᠬᠡᠷᠡᠭᠴᠡᠭᠡ  ᠲᠠᠢ ᠪᠠᠨ ᠤᠶᠠᠯᠳᠣᠭᠤᠯᠣᠠ᠂ ᠤᠠ ᠤ ᠮᠠᠯ ᠪᠠᠯᠴᠢᠬᠡᠷ ᠤᠨ ᠲᠠᠩᠴᠠᠬᠦᠷᠢ ᠶᠢᠨ ᠲᠠᠭᠠᠭᠠᠴᠠ ᠶᠢᠨ ᠪᠠᠷᠢᠮᠵᠢᠶ᠎ᠠ ᠶᠢ ᠦᠠᠳᠣᠰᠣᠯᠠᠵᠣ᠂ ᠰᠠᠭᠠᠬᠤ ᠲᠠᠭᠤᠬᠤ ᠲᠠᠯᠠᠪᠠᠢ ᠨᠠᠮᠠᠵᠣ ᠲᠣᠬᠢᠷᠠᠭᠤᠯᠣᠠ᠂ ᠬᠤᠷᠠᠭ᠎ᠠ ᠲᠠᠢ ᠬᠤᠨᠢ ᠪᠦᠷᠢ ︵ᠡᠬᠡ ᠮᠠᠯ ᠪᠠ ᠬᠤᠷᠠᠭ᠎ᠠ︶ 0.5 ᠮᠣ᠋ ᠠᠴᠠ ᠬᠡᠲᠦᠷᠡᠵᠦ ᠪᠣᠯᠬᠤ ᠦᠬᠡᠢ᠂ ᠡᠳᠣᠷ ᠪᠦᠷᠢ ᠶᠢᠨ ᠦᠳᠠ ᠶᠢᠨ ᠡᠮᠣᠨᠠᠬᠢ     9᠄00 — 11᠄00᠂ ᠦᠳᠠ ᠶᠢᠨ ᠬᠤᠶᠢᠨᠠᠬᠢ 2᠄00 —  4᠄00 ᠲᠤ ᠰᠠᠭᠠᠬᠤ ᠲᠠᠭᠤᠵᠤ     ᠪᠣᠯᠣᠨ᠎ᠠ᠃  ᠨᠢᠭᠡ ᠦᠬᠡᠷ ᠢ 5 ᠬᠤᠨᠢᠴᠢᠯᠬᠠᠰᠠᠠ ᠨᠢᠬᠡᠴᠢ ᠪᠠᠷ ᠪᠣᠳᠣᠵᠣ᠂ 100 ᠲᠡᠭᠰᠢ ᠲᠦᠷᠪᠠᠯᠵᠢᠠ ᠮᠧᠲᠷ  ᠤᠨ ᠨᠣᠳᠤᠭ ᠪᠠᠯᠴᠢᠬᠡᠷ ᠤᠨ ᠪᠠᠷᠢᠮᠵᠢᠶ᠎ᠠ ᠪᠠᠷ ᠮᠠᠯ ᠤᠨ ᠬᠦᠳᠠᠯᠬᠡᠬᠡᠠ ᠤ ᠲᠠᠯᠠᠪᠠᠢ ᠲᠣᠬᠢᠷᠠᠭᠤᠯᠣᠨ᠎ᠠ᠃      ᠲᠦᠷᠪᠠ᠂ ᠬᠠᠮᠢᠶ᠎ᠠ ᠪᠦᠬᠦᠢ ᠱᠠᠭᠠᠷᠳᠠᠯᠭ᠎ᠠ       ︵ᠨᠢᠭᠡ︶ ᠪᠠᠯᠴᠢᠬᠡᠷ ᠰᠠᠷᠬᠦᠬᠡᠬᠦ ᠬᠤᠭᠤᠴᠠᠭᠠᠠ ᠳᠤ ᠦᠷᠬᠡᠠ ᠤᠯᠠᠠ ᠮᠠᠯᠵᠢᠬᠤ ᠡᠷᠣᠬᠡ ᠲᠠᠯ᠎ᠠ ᠨᠣᠳᠤᠭ ᠢ ᠬᠠᠮᠠᠭᠠᠯᠬᠠᠣ ᠡᠬᠦᠷᠬᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠬᠦᠢᠴᠠᠣᠠᠬᠡᠵᠣ᠂ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠠᠵᠢᠯ ᠳᠤ ᠢᠳᠠᠪᠬᠢᠳᠠᠢ ᠬᠠᠮᠵᠢᠯᠴᠠᠵᠣ᠂ ᠲᠠᠬᠡᠷ᠎ᠠ ᠱᠠᠳᠣᠠ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠰᠣᠮᠣ ᠪᠠᠯᠭᠠᠰᠣ᠂ ᠬ᠋ᠠᠴᠠᠭᠠᠠ ᠤ ᠬᠢᠨᠠᠯᠳᠠ ᠬᠠᠮᠢᠶᠠᠷᠣᠯᠳᠠ  ᠶᠢ ᠰᠠᠨᠠᠭᠠᠴᠢᠯᠠᠭ᠎ᠠ ᠠᠴᠠ ᠪᠠᠨ ᠬᠦᠯᠢᠶᠠᠬᠦ ᠬᠡᠷᠡᠭᠳᠠᠢ᠃       ︵ᠬᠤᠶᠠᠷ︶ ᠮᠠᠯ ᠤᠨ ᠬᠦᠳᠠᠯᠬᠡᠬᠡᠠ ᠤ ᠲᠠᠯᠠᠪᠠᠢ ᠶᠢ ᠫᠸᠡᠭ ᠬᠤᠷᠤᠭ᠎ᠠ ᠲᠠᠢ ᠪᠠᠨ ᠣᠶᠢᠷᠠᠯᠴᠠᠭ᠎ᠠ ᠲᠣᠬᠢᠷᠠᠭᠤᠯᠬᠤ ᠶᠢᠨ ᠬᠠᠮᠳᠣ ᠫᠠᠶᠢᠰᠠ ᠢᠯᠠᠷᠬᠡᠶᠢᠯᠠᠯ ᠡᠯᠭᠦᠵᠦ᠂ ᠤᠰᠣᠯᠬᠠᠣ᠂ ᠡᠪᠠᠰᠣᠯᠠᠬᠦ ᠵᠠᠷᠬᠡ ᠰᠢᠯᠳᠠᠭᠠᠠ ᠢᠶᠠᠷ ᠪᠠᠯᠴᠢᠬᠡᠷᠯᠠᠬᠦᠯᠵᠣ ᠪᠣᠯᠬᠤ ᠦᠬᠡᠢ᠃ ᠮᠠᠯ ᠤᠨ ᠬᠦᠳᠡᠯᠭᠡᠭᠡᠨ ᠤ ᠲᠠᠯᠠᠪᠠᠶ ᠳᠤᠨᠢ ᠬᠤᠳᠳᠤᠭ ᠦᠭᠡᠶ ᠪᠡᠯᠴᠢᠭᠡᠷ ᠰᠡᠷᠭᠦᠭᠡᠬᠦ ᠡᠷᠦᠬᠡ ᠶᠢᠨ ᠮᠠᠯ ᠤᠰᠤᠯᠠᠬᠤ ᠵᠠᠮ ᠭᠠᠷᠭᠠᠬᠤ ᠶᠢ ᠵᠦᠪᠰᠢᠶᠡᠷᠡᠨ᠂ ᠥᠷᠭᠡᠨ ᠢ 100 ᠮᠧᠲᠷ ᠠᠴᠠ ᠬᠡᠳᠦᠷᠡᠭᠦᠯᠵᠦ ᠪᠣᠯᠬᠤ ᠦᠭᠡᠶ ᠮᠦᠷᠲᠡᠭᠡᠨ ᠫᠠᠶᠢᠰᠨ ᠢᠯᠡᠷᠬᠡᠶᠢᠯᠡᠯ ᠳᠤ ᠪᠠᠨ ᠲᠣᠳᠣᠷᠬᠠᠶᠢᠯᠠᠬᠤ ᠬᠡᠷᠡᠭᠲᠡᠶ᠃      ︵ᠭᠤᠷᠪᠠ︶ ᠡᠯ᠎ᠡ ᠰᠤᠮᠤ ᠪᠠᠯᠭᠠᠰᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠤᠨ ᠬᠦᠳᠡᠯᠭᠡᠭᠡᠨ ᠤ ᠲᠠᠯᠠᠪᠠᠶ ᠲᠣᠭᠲᠠᠭᠠᠨ᠂ ᠭᠠᠴᠠᠭ᠎ᠠ ᠶᠢ ᠵᠣᠬᠢᠶᠠᠨ ᠪᠠᠶᠢᠭᠤᠯᠵᠣ ᠮᠠᠯᠴᠢᠳ ᠲᠠᠢ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢᠨ ᠪᠢᠴᠢᠭ ᠲᠣᠭᠳᠠᠵᠣ᠂ ᠮᠠᠯᠵᠢᠬᠤ ᠡᠷᠦᠬᠡ ᠶᠢᠨ ᠮᠠᠯ ᠢᠶᠠᠨ ᠪᠦᠬᠦᠨ ᠢ ᠬᠠᠰᠢᠶᠠᠯᠠᠨ ᠲᠡᠵᠢᠭᠡᠵᠦ᠂ ᠡᠪᠡᠰᠦ ᠪᠣᠷᠳᠤᠭ᠎ᠠ ᠪᠠᠨ ᠭᠦᠢᠴᠡᠳ ᠪᠡᠯᠡᠳᠬᠡᠬᠦ ᠶᠢ ᠱᠠᠭᠠᠷᠳᠠᠬᠤ ᠬᠡᠷᠡᠭᠲᠡᠶ᠃ ᠭᠠᠴᠠᠭᠠᠨ ᠤ ︽ᠬᠤᠶᠠᠷ ᠵᠥᠪᠯᠡᠯ︾ ᠪᠠ ᠮᠠᠯᠵᠢᠬᠤ ᠡᠷᠦᠬᠡ ᠶᠢ ᠵᠣᠬᠢᠶᠠᠨ ᠪᠠᠶᠢᠭᠤᠯᠵᠣ ᠬᠦᠳᠡᠯᠭᠡᠭᠡᠨ ᠤ ᠲᠠᠯᠠᠪᠠᠶ ᠳᠤ ᠲᠣᠣᠷ ᠬᠦᠷᠢᠶ᠎ᠡ ᠳᠠᠳᠠᠵᠣ᠂ ᠣᠰᠣᠯᠠᠯᠲᠠ ᠶᠢᠨ ᠵᠠᠮ ᠭᠠᠷᠭᠠᠨ᠂ ᠫᠠᠶᠢᠰᠠ ᠡᠯᠭᠦᠵᠦ ᠮᠠᠯᠵᠢᠬᠤ ᠡᠷᠦᠬᠡ ᠶᠢᠨ ᠨᠡᠷ᠎ᠡ᠂ ᠬᠦᠳᠡᠯᠭᠡᠭᠡᠨ ᠤ ᠲᠠᠯᠠᠪᠠᠶ ᠶᠢᠨ ᠳᠦᠷᠪᠡᠨ ᠵᠠᠬ᠎ᠠ ᠶᠢᠨ ᠵᠠᠭᠠᠭ ᠱᠣᠭᠤᠮ᠂ ᠨᠣᠳᠤᠭ ᠪᠡᠯᠴᠢᠭᠡᠷ ᠤᠨ ᠲᠠᠯᠠᠪᠠᠶ᠂ ᠮᠠᠯ ᠤᠨ ᠲᠤᠭ᠎ᠠ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃      ︵ᠳᠥᠷᠪᠡ︶ ᠡᠯ᠎ᠡ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠬᠠᠪᠤᠷ ᠤᠨ ᠤᠯᠠᠷᠢᠯ ᠤᠨ ᠣᠷᠭᠤᠯᠳᠠ ᠶᠢᠨ ᠬᠤᠭᠤᠴᠠᠭᠠᠨ ᠳᠤ ᠪᠡᠯᠴᠢᠭᠡᠷ ᠰᠡᠷᠬᠦᠭᠡᠬᠦ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠪᠡᠯᠴᠢᠭᠡᠷ ᠰᠡᠷᠬᠦᠭᠡᠬᠦ ᠬᠤᠭᠤᠴᠠᠭᠠᠨ ᠳᠤ ᠪᠡᠯᠴᠢᠭᠡᠷ ᠰᠡᠷᠬᠦᠭᠡᠬᠦ ᠲᠣᠭᠲᠠᠭᠠᠯ ᠢᠶᠠᠷ ᠬᠡᠷᠡᠭᠵᠢᠬᠦᠯᠦᠭᠰᠡᠨ ᠥᠬᠡᠶ ᠮᠠᠯᠵᠢᠬᠤ ᠡᠷᠦᠬᠡ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠬᠦᠭᠡᠬᠦ ᠲᠦᠷᠢᠮ︾ ︵ᠥᠪᠥᠷ ᠠᠷᠠᠳ ᠪᠠᠶᠢᠩᠭᠤ ᠲᠠᠷᠬᠠᠭᠠᠭᠰᠠᠨ ︹ 2021 ︺ 53 ᠲᠣᠭᠠᠲᠤ︶ ᠤᠨ ᠭᠤᠴᠢᠨ ᠲᠠᠪᠤᠳᠤᠭᠠᠷ ᠵᠦᠢᠯ ᠢ ᠦᠨᠳᠦᠰᠦᠯᠡᠨ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠪᠡᠯᠴᠢᠭᠡᠷ ᠰᠡᠷᠬᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠂ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠠᠶᠢᠪᠠᠯ᠂       ︽ᠲᠦᠷᠢᠮ︾ ᠤᠨ ᠬᠤᠷᠢ ᠶᠢᠰᠦᠳᠦᠭᠡᠷ ᠵᠦᠢᠯ ᠢ ᠦᠨᠳᠦᠰᠦᠯᠡᠨ ᠲᠤᠬᠠᠶ ᠶᠢᠨ ᠵᠢᠯ ᠤᠨ ᠪᠡᠯᠴᠢᠭᠡᠷ ᠰᠡᠷᠬᠦᠭᠡᠬᠦ ᠨᠥᠬᠦᠪᠥᠷᠢ ᠮᠥᠩᠭᠦ ᠶᠢ ᠨᠢ ᠬᠠᠰᠣᠬᠤ ᠶᠢᠨ ᠬᠠᠮᠲᠤ ᠢᠯᠡ ᠨᠡᠶᠢᠲᠡᠯᠡᠨ᠎ᠡ᠃ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠬᠠᠤᠯᠢ ᠬᠡᠷᠡᠭᠵᠢᠭᠦᠯᠬᠦ ᠳᠤ ᠴᠢᠩᠭ᠎ᠠ ᠬᠢᠨᠠᠯᠲᠠ ᠲᠠᠯᠪᠢᠵᠣ᠂ ᠰᠤᠮᠤ ᠪᠠᠯᠭᠠᠰᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠬᠤ ᠬᠡᠷᠡᠭᠲᠡᠶ᠃ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠣ ᠵᠣᠬᠢᠴᠠᠭᠤᠯᠬᠤ᠂ ᠤᠬᠠᠭᠤᠯᠬᠤ᠂ ᠬᠢᠨᠠᠨ ᠬᠡᠮᠵᠢᠬᠦ᠂ ᠬᠢᠨᠠᠯᠲᠠ ᠲᠠᠯᠪᠢᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠳᠣᠷ ᠬᠢᠵᠣ᠂ ᠨᠤᠲᠤᠭ ᠪᠡᠯᠴᠢᠭᠡᠷ ᠤᠨ ᠲᠤᠰᠬᠠᠶ ᠬᠠᠮᠢᠶᠠᠷᠣᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡᠳᠦᠯᠲᠡᠶ ᠵᠣᠬᠢᠶᠠᠨ ᠪᠠᠶᠢᠭᠤᠯᠵᠤ᠂ ᠴᠢᠩᠭ᠎ᠠ ᠬᠠᠮᠢᠶᠠᠷᠴᠤ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠣ᠂ ᠬᠢᠨᠠᠨ ᠬᠠᠮᠢᠶᠠᠷᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠳᠣᠯᠠᠬᠤ     ᠬᠡᠷᠡᠭᠲᠡᠶ᠃ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠵᠦ᠂ ᠪᠠᠯᠠ ᠮᠥᠩᠭᠦ ᠶᠢ ᠬᠠᠮᠢᠶᠠᠷᠬᠤ ᠪᠠ ᠳᠠᠷᠬᠠᠭᠠᠬᠤ ᠠᠵᠢᠯ ᠢ ᠬᠠᠷᠢᠭᠤᠴᠠᠬᠤ ᠬᠡᠷᠡᠭᠲᠡᠶ᠃ ᠬᠤᠰᠢᠭᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ᠂ ᠤᠰᠤ ᠤᠮᠳᠠ ᠶᠢ ᠪᠠᠳᠣᠯᠠᠬᠤ ᠵᠢᠴᠢ ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ ᠶᠢ ᠬᠠᠷᠢᠭᠤᠴᠠᠬᠤ ᠬᠡᠷᠡᠭᠲᠡᠶ᠃      ︵ᠲᠠᠪᠤ︶ ᠪᠡᠯᠴᠢᠭᠡᠷ ᠰᠡᠷᠬᠦᠭᠡᠬᠦ ᠠᠵᠢᠯ ᠳᠠᠭᠤᠰᠤᠭᠰᠠᠨ ᠤ ᠲᠠᠷᠠᠭ᠎ᠠ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠪᠠ ᠰᠤᠮᠤ ᠪᠠᠯᠭᠠᠰᠤ ᠠᠴᠠ ᠰᠢᠯᠭᠠᠨ ᠠᠪᠴᠤ᠂ ᠪᠡᠯᠴᠢᠭᠡᠷ ᠰᠡᠷᠬᠦᠭᠡᠬᠦ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠥᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠭᠡ ᠺᠠᠷᠲ ᠢᠶᠠᠷ ᠲᠠᠷᠬᠠᠭᠠᠬᠤ︾  ᠬᠡᠯᠪᠡᠷᠢ ᠪᠠᠷ ᠪᠡᠯᠴᠢᠭᠡᠷ ᠰᠡᠷᠬᠦᠭᠡᠬᠦ ᠨᠥᠬᠦᠪᠥᠷᠢ ᠣᠯᠭᠤᠨ᠎ᠠ᠃ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠂ ᠳᠠᠯᠳᠠᠭᠤᠷ ᠮᠠᠯᠵᠢᠭᠰᠠᠨ ᠮᠠᠯᠵᠢᠬᠤ ᠡᠷᠦᠬᠡ ᠶᠢᠨ ᠪᠡᠯᠴᠢᠭᠡᠷ ᠰᠡᠷᠬᠦᠭᠡᠬᠦ ᠨᠥᠬᠦᠪᠥᠷᠢ ᠶᠢ ᠨᠢ ᠬᠠᠰᠣᠬᠤ ᠮᠦᠷᠳᠡᠭᠡᠨ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠠ᠃      ︵ᠵᠢᠷᠭᠤᠭ᠎ᠠ︶ ᠪᠡᠯᠴᠢᠭᠡᠷ ᠰᠡᠷᠬᠦᠭᠡᠬᠦ ᠬᠤᠭᠤᠴᠠᠭᠠᠨ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠳᠠ ᠲᠠᠯᠪᠢᠵᠣ᠂ ᠳᠠᠯᠳᠠᠭᠤᠷ ᠪᠡᠯᠴᠢᠭᠡᠷᠯᠡᠭᠦᠯᠦᠭᠰᠡᠨ ᠥᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠬᠦᠯᠬᠦ ᠶᠢ ᠬᠦᠰᠡᠵᠣ ᠪᠠᠶᠢᠨ᠎ᠠ᠃      ᠢᠯᠡᠴᠢᠯᠡᠨ ᠮᠡᠳᠡᠭᠦᠯᠬᠦ ᠤᠲᠠᠰᠤ᠄      ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ       0479 — 6832804      ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ  0479 — 3220133      ᠤᠯᠢᠶᠠᠰᠤᠲᠠᠢ ᠪᠠᠯᠭᠠᠰᠤ      0479—3226154      ᠳᠠᠭᠤᠳᠣᠨᠠᠭᠤᠷ ᠪᠠᠯᠭᠠᠰᠤ      0479— 3358176     ᠬᠠᠳᠠᠪᠴᠢ ᠪᠠᠯᠭᠠᠰᠤ       0479—3363055     ᠡᠵᠢᠨᠠᠭᠤᠷ ᠪᠠᠯᠭᠠᠰᠤ       0479—3465005      ᠮᠠᠨᠳᠣᠬᠤᠪᠣᠯᠠᠭ ᠪᠠᠯᠭᠠᠰᠤ      0479—3361177      ᠬᠦᠷᠢᠶᠡᠳᠣᠨᠠᠭᠤᠷ ᠰᠤᠮᠤ      0479 — 3366014      ᠰᠠᠮᠠᠢ ᠰᠤᠮᠤ       0479—3366627      ᠠᠯᠳᠠᠨᠬᠢᠯᠢ ᠰᠤᠮᠤ       0479 — 3435021      ᠭᠠᠬᠢᠯ ᠰᠤᠮᠤ       0479 — 3220906      ᠪᠣᠭᠳᠠᠠᠭᠤᠯᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ  0479 — 2288075      ᠣᠨᠴᠠᠭᠠᠶᠢᠯᠠᠨ ᠵᠠᠷᠯᠠᠪᠠ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ             2024 ᠣᠨ ᠤ 3 ᠰᠠᠷ᠎ᠠ ᠶᠢᠨ 1 ᠤ ᠡᠳᠣᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号