ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/3/1
    ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 29 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 29 ᠤ ᠡᠳᠦᠷ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠣᠣᠷᠠᠭ ᠢ ᠶᠠᠷᠢᠯᠴᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠲᠦᠢᠯ ᠤᠨ ᠨᠠᠷᠢᠨ ᠪᠤᠳᠤᠯᠢᠶᠠᠨᠲᠠᠢ ᠣᠯᠠᠨ ᠤᠯᠤᠰ ᠤᠨ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠶᠢᠨ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠰᠢᠷᠭᠠᠭᠤ ᠴᠢᠷᠮᠠᠶᠢᠯᠭ᠎ᠠ ᠭᠠᠷᠭᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠭᠲᠠᠭᠤᠨ ᠢᠶᠠᠷ ᠱᠠᠲᠤ ᠦᠶ᠎ᠡ ᠰᠢᠯᠵᠢᠭᠦᠯᠵᠦ᠂ ᠠᠵᠤ ᠠᠬᠤᠢ ᠶᠢ ᠳᠠᠭᠢᠨ ᠳᠡᠭᠡᠭᠰᠢᠯᠡᠭᠦᠯᠵᠦ ᠰᠠᠶᠢᠵᠢᠷᠠᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠲᠡᠢ ᠪᠥᠭᠡᠳ ᠪᠦᠲᠦᠮᠵᠢᠲᠡᠶ ᠪᠠᠶᠢᠯᠭᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ᠃    ᠬᠤᠷᠠᠯ ᠠᠴᠠ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠦᠨᠡᠨ ᠬᠦ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠤᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠴᠢᠨᠠᠷ ᠴᠢᠨᠰᠠᠭ᠎ᠠ ᠶᠢᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠨᠡ ᠵᠢᠯ ᠤᠨ ᠠᠵᠢᠯ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠲᠤᠯᠬᠤ ᠶᠢ ᠪᠠᠷᠢᠮᠲᠠᠯᠠᠬᠤ ᠬᠡᠷᠡᠭᠲᠡᠢ᠃ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠵᠣᠬᠢᠰᠲᠠᠢ ᠬᠦᠴᠦᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠣᠭᠲᠠᠭᠤᠨ ᠵᠣᠭᠤᠰᠤᠨ ᠤ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ᠂ ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ ᠲᠣᠭᠲᠠᠭᠤᠨ ᠪᠥᠭᠡᠳ ᠢᠯᠡ ᠲᠣᠳᠣᠷᠬᠠᠢ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠯ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠬᠦ ᠬᠡᠷᠡᠭᠲᠡᠢ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号