︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠵᠥᠪᠯᠡᠬᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠶ᠎ᠡ
ᠨᠡᠶᠢᠲᠡᠯᠡᠭᠰᠡᠨ ᠴᠠᠭ᠄
2024/3/1
    ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 29 ᠤ ᠴᠠᠭᠢᠯᠭᠠᠨ ᠮᠡᠳᠡᠭᠡ  3 ᠰᠠᠷ᠎ᠠ ᠶᠢᠨ 1 ᠤ ᠡᠳᠦᠷ ᠬᠡᠪᠯᠡᠭᠳᠡᠭᠰᠡᠨ 5 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ         ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠵᠥᠪᠯᠡᠬᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠶ᠎ᠡ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 2 ᠰᠠᠷ᠎ᠠ ᠠᠴᠠ 2023 ᠣᠨ ᠤ 6 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃    ᠵᠣᠬᠢᠶᠠᠯ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠠᠷᠺᠰ ᠯᠧᠨᠢᠨ ᠤ ᠦᠵᠡᠯ ᠤᠨ ᠨᠢᠭᠡᠳᠦᠮᠡᠯ ᠹᠷᠣᠨᠲ ᠤᠨ ᠤᠨᠤᠯ᠂ ᠲᠦᠷᠦ ᠶᠢᠨ ᠨᠠᠮ ᠤᠨ ᠤᠨᠤᠯ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠭᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠤᠳᠤᠷᠢᠳᠤᠨ ᠤᠯᠤᠰ ᠲᠦᠷᠦ ᠶᠢᠨ ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠨᠠᠮ ᠪᠠ ᠲᠦᠷᠦ ᠶᠢᠨ ᠭᠤᠣᠯ ᠡᠭᠦᠷᠭᠡ ᠳᠤ ᠦᠢᠯᠡᠴᠢᠯᠡᠵᠦ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠪᠠ ᠨᠡᠶᠢᠭᠡᠮ ᠵᠢᠷᠤᠮᠲᠤ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠲᠦᠢᠯ ᠤᠨ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠨᠢ ᠤᠯᠠᠨ ᠲᠠᠯ᠎ᠠ ᠶᠢᠨ ᠥᠪᠡᠷᠮᠢᠴᠡ ᠳᠠᠪᠠᠭᠤᠯᠢᠭ ᠲᠠᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠲᠤᠷᠰᠢᠯᠭ᠎ᠠ ᠪᠠᠨ ᠳ᠋ᠦᠩᠨᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠠᠯᠢ ᠤᠯᠠᠨ ᠰᠢᠨ᠎ᠡ ᠱᠠᠭᠠᠷᠳᠠᠯᠭ᠎ᠠ ᠳᠤᠷᠠᠳᠴᠠᠢ᠂ ᠡᠭᠦᠨ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠤᠢ᠃ ᠨᠢᠭᠡ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠤᠨᠤᠪᠴᠢᠳᠠᠢ ᠡᠵᠡᠮᠳᠡᠬᠦ ᠬᠡᠷᠡᠭᠲᠡᠢ᠃ ᠭᠤᠷᠪᠠ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠳᠥᠷᠪᠡ ᠳᠤ᠂ ᠮᠠᠨ ᠤ ᠤᠯᠤᠰ ᠤᠨ ᠰᠢᠨ᠎ᠡ ᠮᠠᠶ᠋ᠢᠭ ᠤᠨ ᠲᠦᠷᠤ ᠶᠢᠨ ᠨᠠᠮ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ᠃ ᠲᠠᠪᠤ ᠳᠤ᠂ ᠬᠥᠮᠥᠨ ᠤ ᠰᠡᠳᠬᠢᠯ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠵᠢᠷᠭᠤᠭ᠎ᠠ ᠳᠤ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠲᠤᠯᠤᠭ᠎ᠠ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳ ᠲᠦᠮᠡᠨ ᠤ ᠲᠥᠯᠥᠭᠡ ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ᠃ ᠨᠠᠢᠮᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠰᠢᠨ᠎ᠡ ᠪᠠᠶᠢᠳᠠᠯ ᠤᠨ ᠳᠣᠣᠷ᠎ᠠ᠂ ᠪᠢᠳᠡ ᠡᠷᠬᠡᠪᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠢ ᠰᠠᠶᠢᠲᠤᠷ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠬᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠨᠡᠩ ᠤᠯᠠᠨ ᠬᠥᠮᠥᠰ ᠢ ᠨᠠᠮ ᠤᠨ ᠲᠣᠭᠤᠷᠢᠨ ᠳᠤ ᠪᠦᠯᠬᠦᠮᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠳᠦᠷᠢᠮ ᠨᠢ ᠮᠠᠨ ᠤ ᠤᠯᠤᠰ ᠤᠨ ᠨᠢᠭᠡᠨ ᠦᠨᠳᠦᠰᠦᠨ ᠤᠯᠤᠰ ᠲᠦᠷᠦ ᠶᠢᠨ ᠳᠦᠷᠢᠮ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠬᠥᠷᠥᠰᠥ ᠰᠢᠷᠣᠢ ᠠᠴᠠ ᠪᠤᠢ ᠪᠣᠯᠤᠭᠰᠠᠨ ᠰᠢᠨ᠎ᠡ ᠮᠠᠶ᠋ᠢᠭ ᠤᠨ ᠲᠦᠷᠦ ᠶᠢᠨ ᠨᠠᠮ ᠤᠨ ᠳᠦᠷᠢᠮ ᠪᠣᠯᠣᠨ᠎ᠠ᠃ ᠲᠡᠷᠡ ᠨᠢ ᠤᠳᠤ ᠦᠶ᠎ᠡ ᠶᠢᠨ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠨᠡᠶᠢᠴᠡᠬᠦ ᠪᠥᠭᠡᠳ ᠪᠠᠰᠠ ᠳᠤᠮᠳᠠᠳᠤ ᠶᠢᠨ ᠦᠨᠳᠦᠰᠦᠲᠡᠨ ᠤ ᠢᠮᠠᠭᠲᠠ ᠰᠠᠨᠠᠭᠠᠴᠢᠯᠠᠭᠰᠠᠭᠠᠷ ᠢᠷᠡᠭᠰᠡᠨ ᠳᠡᠯᠡᠬᠡᠢ ᠳ᠋ᠠᠬᠢᠨ ᠢ ᠨᠡᠶᠢᠲᠡ ᠶᠢᠨ ᠪᠤᠯᠭᠠᠬᠤ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠦᠯᠡᠳᠡᠭᠡᠬᠦ ᠵᠡᠷᠭᠡ ᠰᠢᠯᠢᠳᠡᠭ ᠤᠯᠠᠮᠵᠢᠯᠠᠯᠲᠤ ᠰᠣᠶᠣᠯ ᠲᠠᠢ ᠨᠡᠶᠢᠴᠡᠵᠦ᠂ ᠬᠥᠮᠥᠨ ᠲᠥᠷᠥᠯᠬᠢᠲᠡᠨ ᠤ ᠤᠯᠤᠰ ᠲᠦᠷᠦ ᠶᠢᠨ ᠪᠣᠯᠪᠠᠰᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢᠨ ᠬᠠᠷᠢᠯᠴᠠᠨ ᠨᠡᠪᠲᠡᠷᠡᠯᠴᠡᠬᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠵᠤ᠂ ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠵᠥᠪᠯᠡᠬᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠬᠦ ᠬᠡᠷᠡᠭᠲᠡᠢ᠃ ᠵᠥᠪᠯᠡᠬᠦ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠵᠥᠪᠯᠡᠬᠦ ᠶᠠᠪᠤᠴᠠ ᠳᠠᠭᠠᠨ ᠥᠷᠭᠡᠨ ᠳᠡᠯᠭᠡᠷ ᠪᠦᠯᠬᠦᠮᠳᠡᠯ ᠢ ᠠᠬᠢᠭᠤᠯᠵᠤ᠂ ᠤᠯᠠᠨ ᠨᠠᠮ ᠬᠠᠮᠲᠤᠷᠠᠨ ᠠᠵᠢᠯᠯᠠᠬᠤ ᠶᠢ ᠠᠬᠢᠭᠤᠯᠵᠤ᠂ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠲᠡᠦᠬᠡ ᠶᠢᠨ ᠤᠯᠠᠮᠵᠢᠯᠠᠯ ᠢ ᠵᠠᠯᠭᠠᠮᠵᠢᠯᠠᠬᠬᠤ ᠪᠥᠭᠡᠳ ᠪᠠᠰᠠ ᠴᠠᠭ ᠦᠶ᠎ᠡ ᠶᠢᠨ ᠣᠨᠴᠠᠯᠢᠭ ᠢ ᠲᠤᠰᠬᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠯ ᠤᠨ ᠤᠴᠢᠷ ᠶᠠᠪᠤᠳᠠᠯ ᠪᠠᠶᠢᠪᠠᠯ ᠢᠯᠡᠭᠦᠦ ᠵᠥᠪᠳᠡᠯᠴᠡᠵᠦ᠂ ᠤᠴᠢᠷ ᠶᠠᠪᠤᠳᠠᠯ ᠲᠣᠬᠢᠶᠠᠯᠳᠤᠪᠠᠯ ᠢᠯᠡᠭᠦᠦ ᠵᠥᠪᠳᠡᠯᠴᠡᠵᠦ᠂ ᠤᠴᠢᠷ ᠶᠠᠪᠤᠳᠠᠯ ᠬᠢᠪᠡᠯ ᠢᠯᠡᠭᠦᠦ ᠵᠥᠪᠳᠡᠯᠴᠡᠬᠦ ᠣᠨᠴᠠᠯᠢᠭ ᠪᠠ ᠳᠠᠪᠠᠭᠤᠯᠢᠭ ᠢ ᠭᠦᠢᠴᠡᠳ ᠢᠯᠡᠷᠡᠭᠦᠯᠬᠦ ᠬᠡᠷᠡᠭᠲᠡᠢ᠃ ᠵᠥᠪᠯᠡᠬᠦ ᠠᠷᠠᠳᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ᠂ ᠠᠷᠠᠳ ᠤᠨ ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠥᠪᠯᠡᠯᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠬᠦ ᠲᠠᠪᠴᠠᠩ ᠢ ᠪᠦᠷᠢᠨᠰᠢᠭᠦᠯᠵᠦ᠂ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号