ᠮᠠᠨ ᠤ ᠬᠤᠰᠢᠭᠤ 2023 ᠣᠨ ᠤ ᠠᠳᠤᠭᠤᠨ ᠰᠤᠶᠤᠯ ᠤᠨ ᠰᠢᠷᠢᠰ ᠠᠵᠢᠯᠯᠠᠭᠠᠨ ᠤ ᠳ᠋ᠦᠩᠨᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/11
     ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠢᠳᠡᠪᠬᠢᠲᠡᠢ ᠤᠯᠠᠮᠵᠢᠯᠠᠨ ᠪᠠᠳᠠᠷᠠᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 2 ᠰᠠᠷ᠎ᠠ ᠶᠢᠨ 24 ᠤ ᠡᠳᠦᠷ᠂ ᠮᠠᠨ ᠤ ᠬᠤᠰᠢᠭᠤ ︽ᠷᠢᠳᠢ ᠰᠢᠳᠢ ᠲᠠᠢ ᠪᠣᠳᠠᠰ ᠤᠨ ᠪᠤᠰᠤ ᠰᠣᠶᠣᠯ ᠤᠨ ᠥᠪ   ᠲᠠᠩᠰᠤᠭ ᠰᠠᠶᠢᠬᠠᠨ ᠤᠮᠠᠷᠠᠲᠤ ᠬᠢᠯᠢ︾ ᠭᠡᠬᠦ ᠭᠤᠣᠯ ᠰᠡᠳᠦᠪᠲᠦ ᠱᠠᠭ᠎ᠠ ᠲᠣᠭᠯᠠᠭᠠᠮ ᠤᠨ ᠤᠷᠤᠯᠳᠤᠭᠠᠨ ᠡᠷᠬᠢᠯᠡᠨ ᠶᠠᠪᠤᠭᠳᠠᠭᠤᠯᠪᠠ᠃      ᠲᠤᠰ ᠤᠳᠠᠭᠠᠨ ᠤ ᠤᠷᠤᠯᠳᠤᠭᠠᠨ ᠳᠤ ᠮᠣᠩᠭᠤᠯ ᠦᠨᠳᠦᠰᠦᠲᠡᠨ ᠤ ᠠᠷᠠᠳ ᠤᠨ ᠳᠤᠮᠳᠠ ᠲᠦᠭᠡᠮᠡᠯᠵᠢᠭᠰᠡᠨ ᠴᠢᠨᠠᠷ ᠢᠶᠠᠷ ᠥᠨᠳᠥᠷ 5 ᠲᠦᠷᠦᠯ ᠤᠨ ᠲᠣᠭᠯᠠᠭᠠᠮ ᠢ ᠲᠣᠬᠢᠷᠠᠭᠤᠯᠵᠤ᠂ ᠡᠯ᠎ᠡ ᠰᠤᠮᠤ ᠪᠠᠯᠭᠠᠰᠤ ᠶᠢᠨ ᠲᠠᠮᠢᠷᠴᠢᠳ ᠤᠷᠤᠯᠳᠤᠭᠠᠨ ᠳᠤ  ᠣᠷᠤᠯᠴᠠᠭᠰᠠᠨ ᠪᠠᠶᠢᠨ᠎ᠠ᠃        ᠲᠤᠰ ᠤᠳᠠᠭᠠᠨ ᠤ ᠤᠷᠤᠯᠳᠤᠭᠠᠨ ᠨᠢ ᠱᠠᠭ᠎ᠠ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠨᠡᠩ ᠤᠯᠠᠨ ᠬᠥᠮᠥᠰ ᠲᠤ ᠣᠶᠢᠯᠠᠭᠠᠭᠤᠯᠵᠤ᠂ ᠥᠪᠡᠷᠮᠢᠴᠡ ᠣᠨᠴᠠᠯᠢᠭ ᠲᠠᠢ ᠮᠣᠩᠭᠤᠯ ᠦᠨᠳᠦᠰᠦᠲᠡᠨ ᠤ ᠤᠯᠠᠮᠵᠢᠯᠠᠯᠲᠤ  ᠱᠠᠭ᠎ᠠ ᠲᠣᠭᠯᠠᠭᠠᠮ ᠨᠢ ᠤᠯᠠᠨ ᠳᠤ ᠪᠠᠶᠠᠷ ᠪᠠᠭ᠋ᠠᠳᠤᠯ ᠠᠪᠴᠢᠷᠠᠭᠰᠠᠨ ᠢᠶᠠᠷ ᠪᠠᠷᠠᠬᠤ ᠦᠭᠡᠢ ᠮᠣᠩᠭᠤᠯ ᠦᠨᠳᠦᠰᠦᠲᠡᠨ ᠤ ᠰᠣᠶᠣᠯ ᠤᠨ ᠥᠪ ᠢ ᠨᠡᠩ ᠰᠠᠶᠢᠨ ᠪᠠᠳᠠᠷᠠᠭᠤᠯᠤᠨ ᠤᠯᠠᠮᠵᠢᠯᠠᠵᠤ᠂ ᠤᠯᠠᠨ ᠳᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠢ ᠨᠡᠩ ᠭᠦᠢᠴᠡᠳ ᠣᠶᠢᠯᠠᠭᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠰᠣᠶᠣᠯ᠂ ᠵᠠᠩ ᠳᠠᠳᠬᠠᠯ ᠢ ᠬᠠᠮᠠᠭᠠᠯᠠᠨ ᠤᠯᠠᠮᠵᠢᠯᠠᠬᠤ᠂ ᠦᠨᠳᠦᠰᠦᠲᠡᠨ ᠨᠦᠭᠦᠳ ᠤᠨ ᠨᠡᠶᠢᠭᠡᠮ ᠤᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃      ᠤᠷᠤᠯᠳᠤᠭᠠᠨ ᠳᠤ ᠣᠷᠣᠯᠴᠠᠭᠰᠠᠳ ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ ᠭᠡᠬᠦ ᠤᠷᠤᠯᠳᠤᠭᠠᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ ᠤᠷᠮ᠎ᠠ ᠲᠠᠢ ᠰᠠᠶᠢᠬᠠᠨ ᠨᠠᠭᠠᠲᠤᠵᠤ᠂ ᠨᠢᠭᠡ ᠡᠳᠦᠷ ᠤᠨ ᠬᠤᠷᠴᠠ ᠰᠢᠷᠦᠭᠦᠨ ᠥᠷᠢᠰᠦᠯᠳᠦᠭᠡᠨ ᠢᠶᠠᠷ᠂ ᠬᠠᠲᠠᠪᠴᠢ ᠪᠠᠯᠭᠠᠰᠤ ᠶᠢᠨ ᠥᠨᠢᠪᠠᠶᠠᠷ ᠲᠡᠷᠢᠭᠦᠯᠡᠨ᠂ ᠰᠠᠶᠢᠨᠮᠡᠨᠳᠦ ᠳᠡᠳ᠋ᠯᠡᠵᠦ᠂ ᠬᠦᠷᠢᠶᠡᠲᠦᠨᠠᠭᠤᠷ ᠰᠤᠮᠤ ᠶᠢᠨ ᠵᠠᠮᠪᠠᠯ᠂ ᠬᠠᠲᠠᠪᠴᠢ ᠪᠠᠯᠭᠠᠰᠤᠨ ᠤ ᠳᠠᠪᠰᠢᠯᠲᠤ᠂     ᠭᠠᠩᠲᠡᠮᠦᠷ᠂ ᠡᠷᠳᠡᠨᠢᠪᠠᠶᠠᠷ᠂ ᠰᠠᠮᠠᠢ ᠰᠤᠮᠤ ᠶᠢᠨ ᠦᠷᠡᠨᠲᠤᠶᠠᠭ᠎ᠠ᠂ ᠰᠣᠶᠤᠯᠲᠦ ᠳᠡᠭᠡᠳᠦ ᠨᠠᠢᠮᠠ ᠳᠤ ᠲᠣᠳᠤᠷᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号