ᠵᠡᠭᠦᠨ ᠬᠠᠲᠠᠪᠴᠢ ᠪᠣᠭᠤᠮᠲᠠ ᠳᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ 6 ᠲᠠᠯᠠᠪᠤᠷ ᠢ ᠰᠢᠨ᠎ᠡ ᠪᠠᠷ ᠪᠠᠶᠢᠭᠤᠯᠵᠤ ᠥᠷᠭᠡᠳᠬᠡᠨ ᠪᠠᠶᠢᠭᠤᠯᠪᠠ
ᠨᠡᠶᠢᠲᠡᠯᠡᠭᠰᠡᠨ ᠴᠠᠭ᠄
2024/3/11
      ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠳᠤ ᠳ᠋ᠦᠩ ᠳ᠋ᠡ᠂ ᠨᠠᠨ ᠳ᠋ᠢᠩ᠂ ᠲᠢᠶᠧ ᠱᠧᠩ᠂ ᠫᠧᠩ ᠴᠥᠩ ᠪᠣᠳᠠᠰ ᠤᠨ ᠭᠦᠢᠯᠭᠡᠭᠡᠨ ᠤ ᠬᠦᠷᠢᠶᠡᠯᠡᠩ ᠤᠨ ᠬᠢᠨᠠᠨ ᠬᠠᠮᠢᠶᠠᠷᠬᠤ ᠠᠵᠢᠯᠯᠠᠭᠠᠨ ᠤ ᠲᠠᠯᠠᠪᠤᠷ ᠢ ᠰᠢᠨ᠎ᠡ ᠪᠠᠷ ᠪᠠᠶᠢᠭᠤᠯᠵᠤ᠂ ᠯᠢ ᠳ᠋ᠡ ᠪᠣᠭᠤᠮᠲᠠ ᠶᠢᠨ ᠬᠢᠨᠠᠨ ᠬᠠᠮᠢᠶᠠᠷᠬᠤ ᠠᠵᠢᠯᠯᠠᠭᠠᠨ ᠤ ᠲᠠᠯᠠᠪᠤᠷ᠂ ᠯᠢᠩ ᠴᠢ ᠬᠢᠨᠠᠨ ᠬᠠᠮᠢᠶᠠᠷᠬᠤ ᠬᠥᠮᠥᠷᠭᠡ ᠶᠢ ᠥᠷᠭᠡᠳᠬᠡᠨ ᠪᠠᠶᠢᠭᠤᠯᠵᠤ᠂ ᠬᠥᠬᠡᠬᠤᠲᠠ ᠪᠣᠭᠤᠮᠲᠠ ᠶᠢᠨ ᠰᠢᠯᠭᠠᠨ ᠪᠠᠶᠢᠴᠠᠭᠠᠯᠲᠠ ᠶᠢ ᠪᠦᠬᠦ ᠲᠠᠯ᠎ᠠ ᠪᠠᠷ ᠤᠷᠤᠭᠰᠢᠲᠠᠢ ᠥᠩᠭᠡᠷᠡᠭᠦᠯᠪᠡ᠃ ᠰᠢᠨ᠎ᠡ ᠪᠠᠷ ᠪᠠᠶᠢᠭᠤᠯᠵᠤ ᠥᠷᠭᠡᠳᠬᠡᠨ ᠪᠠᠶᠢᠭᠤᠯᠤᠭᠰᠠᠨ ᠶᠡᠷᠦᠩᠬᠡᠢ ᠲᠠᠯᠠᠪᠠᠢ 108 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ 6.47 ᠲᠠᠬᠢᠨ ᠨᠡᠮᠡᠭᠳᠡᠪᠡ᠃ ᠢᠷᠡᠭᠡᠳᠦᠢ ᠳᠤ᠂ ᠵᠡᠭᠦᠨ ᠬᠠᠲᠠᠪᠴᠢ ᠪᠣᠭᠤᠮᠲᠠ ᠶᠢᠨ ᠴᠢᠳᠠᠮᠵᠢᠲᠤ ᠣᠷᠣᠨ ᠤ ᠪᠦᠲᠦᠭᠡᠨ ᠪᠠᠶᠢᠭᠤᠯᠤᠯᠲᠠ ᠶᠢ ᠨᠠᠩ ᠲᠡᠭᠦᠯᠳᠡᠷᠵᠢᠭᠦᠯᠵᠦ᠂ ᠵᠢᠯ ᠤᠨ ᠪᠣᠳᠠᠰ ᠤᠨ ᠭᠦᠢᠯᠭᠡᠭᠡᠨ ᠤ ᠣᠷᠣᠭᠤᠯᠵᠤ ᠭᠠᠷᠭᠠᠬᠤ ᠴᠢᠳᠠᠪᠤᠷᠢ ᠶᠢ 2000 ᠲᠦᠮᠡᠨ ᠲᠣᠨ ᠳᠤ ᠬᠦᠷᠭᠡᠬᠦ ᠪᠣᠯᠣᠨ᠎ᠠ᠃      ︽ᠡᠮᠦᠨᠡᠬᠢ ᠬᠤᠭᠤᠴᠠᠭᠠᠨ ᠤ ᠭᠤᠶᠤᠴᠢᠯᠠᠨ ᠮᠡᠳᠡᠭᠦᠯᠬᠦ ᠱᠠᠲᠤᠨ ᠳᠤ ᠵᠡᠭᠦᠨ ᠦᠵᠦᠮᠦᠴᠢᠨ ᠪᠣᠭᠤᠮᠲᠠ ᠶᠢᠨ ᠠᠵᠢᠯᠲᠠᠳ ᠪᠦᠬᠦ ᠶᠠᠪᠤᠴᠠ ᠶᠢ ᠳᠠᠭᠠᠵᠤ᠂ ᠲᠠᠯᠠᠪᠤᠷ ᠢ ᠪᠢᠲᠡᠭᠦᠮᠵᠢᠯᠡᠬᠦ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠬᠢᠬᠦ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠬᠢᠬᠦ ᠵᠡᠷᠭᠡ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠪᠡ︾ ᠭᠡᠵᠦ ᠥᠪᠥᠷ ᠮᠣᠩᠭᠤᠯ ᠤᠨ ᠨᠠᠨ ᠳ᠋ᠢᠩ ᠨᠡᠭᠦᠷᠡᠰᠦᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠭᠧᠩ ᠸᠧᠢ ᠬᠡᠯᠡᠪᠡ᠃ ᠵᠠᠭᠤᠨ ᠲᠦᠮᠡᠨ ᠲᠣᠨ ᠤ ᠨᠡᠭᠦᠷᠡᠰᠦ ᠬᠠᠳᠠᠭᠠᠯᠠᠬᠤ ᠰᠠᠭᠤᠷᠢᠨ ᠢ ᠦᠷᠭᠦᠯᠵᠢᠯᠡᠨ ᠪᠠᠶᠢᠭᠤᠯᠬᠤ ᠶᠢᠨ ᠲᠥᠯᠥᠭᠡ᠂ ᠵᠡᠭᠦᠨ ᠦᠵᠦᠮᠦᠴᠢᠨ ᠪᠣᠭᠤᠮᠲᠠ ᠶᠢᠨ ᠬᠢᠨ ︽ᠪᠣᠭᠤᠮᠲᠠ ︱ ᠠᠵᠤ ᠠᠬᠤᠶᠢᠯᠠᠯ︾  ᠤᠨ ᠲᠤᠰᠬᠠᠢ ᠬᠥᠮᠥᠨ ᠢᠶᠠᠷ ᠬᠠᠷᠢᠯᠴᠠᠭᠤᠯᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠠᠶᠢᠭᠤᠯᠬᠤ ᠪᠠᠷ ᠭᠤᠶᠤᠴᠢᠯᠠᠭᠰᠠᠨ ᠠᠵᠤ ᠠᠬᠤᠶᠢᠯᠠᠯ ᠳᠤ         ︽ᠨᠢᠭᠡ ᠶᠢ ᠨᠢᠭᠡ ᠲᠠᠢ ᠨᠢᠭᠤᠷᠯᠠᠭᠤᠯᠬᠤ︾ ᠪᠣᠭᠤᠮᠲᠠ ᠠᠵᠤ ᠠᠬᠤᠶᠢᠯᠠᠯ ᠤᠨ ᠬᠤᠯᠪᠣᠭᠠᠴᠢᠨ ᠲᠣᠬᠢᠷᠠᠭᠤᠯᠬᠤ ᠪᠠᠷ ᠪᠠᠷᠠᠬᠤ ᠦᠭᠡᠢ ᠪᠠᠰᠠ ᠪᠦᠬᠦ ᠡᠳᠦᠷ ᠤᠨ ᠲᠦᠷᠦ ᠶᠢᠨ ᠪᠣᠳᠣᠯᠭ᠎ᠠ ᠶᠢᠨ ᠯᠠᠪᠯᠠᠯᠲᠠ ᠶᠢᠨ ᠦᠢᠯᠡᠴᠢᠯᠡᠭᠡ ᠬᠠᠩᠭᠠᠵᠤ᠂   ︽ᠨᠢᠭᠤᠷᠳᠠᠬᠤ︾ ᠠᠷᠭ᠎ᠠ ᠬᠡᠯᠪᠡᠷᠢ ᠪᠠᠷ ᠠᠵᠤ ᠠᠬᠤᠶᠢᠯᠠᠯ ᠢ ᠬᠠᠪᠰᠤᠷᠤᠨ ᠴᠢᠳᠠᠪᠬᠢ ᠶᠢᠨ ᠪᠠᠶᠢᠷᠢᠰᠢᠭᠤᠯᠤᠯᠲᠠ ᠪᠣᠯᠣᠨ ᠬᠢᠨᠠᠨ ᠬᠠᠮᠢᠶᠠᠷᠬᠤ ᠲᠥᠬᠦᠭᠡᠷᠦᠮᠵᠢ ᠶᠢ ᠨᠢ ᠲᠡᠭᠦᠯᠳᠡᠷᠵᠢᠭᠦᠯᠪᠡ᠃ ᠡᠭᠦᠨ ᠤ ᠬᠠᠮᠲᠤ᠂ ᠪᠠᠶᠢᠴᠠᠭᠠᠨ ᠰᠤᠳᠤᠯᠬᠤ ᠡᠷᠴᠢᠮ ᠢᠶᠠᠨ ᠴᠢᠩᠭᠠᠷᠠᠭᠤᠯᠵᠤ᠂ ᠲᠤᠬᠠᠢ ᠶᠢᠨ ᠭᠠᠵᠠᠷ ᠲᠤᠨᠢ ᠬᠠᠶᠢᠨ ᠰᠢᠯᠭᠠᠬᠤ ᠪᠠᠷ ᠳᠠᠮᠵᠢᠭᠤᠯᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠦᠲᠦᠭᠡᠨ ᠪᠠᠶᠢᠭᠤᠯᠤᠯᠲᠠ ᠵᠡᠷᠭᠡ ᠳᠤ ᠴᠡᠭᠴᠡᠯᠡᠨ ᠰᠠᠶᠢᠵᠢᠷᠠᠭᠤᠯᠬᠤ ᠲᠣᠳᠣᠷᠬᠠᠢ ᠰᠠᠨᠠᠯ ᠳᠤᠷᠠᠳᠴᠤ᠂ ᠠᠵᠤ ᠠᠬᠤᠶᠢᠯᠠᠯ ᠳᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠪᠡ᠃ ᠬᠤᠶᠠᠷ ᠱᠠᠲᠤᠨ ᠤ ᠪᠣᠭᠤᠮᠲᠠ ᠶᠢᠨ ᠬᠢᠨ ᠬᠤᠯᠪᠤᠭᠠᠯᠠᠨ ᠬᠥᠳᠡᠯᠦᠯᠴᠡᠵᠦ᠂ ᠠᠵᠤ ᠠᠬᠤᠶᠢᠯᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠴᠠᠭ ᠲᠤᠬᠠᠢ ᠳᠤᠨᠢ ᠠᠬᠢᠴᠠ ᠶᠢ ᠳᠠᠭᠠᠵᠤ᠂ ᠣᠯᠠᠨ ᠤᠳᠠᠭ᠎ᠠ ᠵᠣᠬᠢᠶᠠᠨ ᠪᠠᠶᠢᠭᠤᠯᠵᠤ ᠪᠣᠭᠤᠮᠲᠠ ᠶᠢ ᠬᠤᠯᠪᠣᠨ ᠲᠣᠬᠢᠷᠠᠭᠤᠯᠪᠡ᠃      ᠳᠠᠷᠠᠭ᠎ᠠ ᠶᠢᠨ ᠠᠯᠬᠤᠮ ᠳᠤ᠂ ᠵᠡᠭᠦᠨ ᠦᠵᠦᠮᠦᠴᠢᠨ ᠪᠣᠭᠤᠮᠲᠠ ᠶᠢᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠪᠣᠭᠤᠮᠲᠠ ᠶᠢᠨ ᠤᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠣᠶᠤᠨᠴᠢᠯᠠᠭᠰᠠᠨ︾ ᠬᠢᠯᠢ ᠠᠯᠤᠰᠯᠠᠭᠰᠠᠨ ᠲᠡᠭᠡᠭᠡᠪᠦᠷᠢ ᠶᠢ ᠲᠠᠰᠤᠷᠠᠯᠳᠡ ᠦᠭᠡᠢ ᠠᠬᠢᠭᠤᠯᠵᠤ᠂ ᠲᠦᠬᠦᠮ ᠦᠵᠡᠭᠦᠯᠬᠦ ᠲᠦᠪᠰᠢᠨ ᠢ ᠳᠡᠭᠡᠭᠰᠢᠯᠡᠭᠦᠯᠵᠦ᠂ ᠬᠢᠯᠢ ᠪᠠᠷ ᠥᠩᠭᠡᠷᠡᠬᠦ ᠠᠷᠠᠯᠵᠢᠶᠠᠨ ᠤ ᠬᠥᠭᠵᠢᠯᠲᠡ ᠶᠢ ᠲᠡᠮᠵᠢᠵᠤ᠂ ᠪᠣᠭᠤᠮᠲᠠ ᠶᠢᠨ ᠪᠣᠳᠠᠰ ᠤᠨ ᠭᠦᠢᠯᠭᠡᠭᠡᠨ ᠤ ᠦᠢᠯᠡᠳᠦᠯ ᠴᠢᠳᠠᠪᠤᠷᠢ ᠪᠣᠯᠣᠨ ᠳᠠᠭᠠᠭᠠᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠦᠰᠦᠷᠦᠩᠭᠦᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号