ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/13
      2 ᠰᠠᠷ᠎ᠠ ᠶᠢᠨ 28 ᠤ ᠡᠳᠦᠷ᠂ ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠶᠢᠨ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠱᠤ᠋ ᠭᠤᠸᠠᠩ ᠡᠷᠬᠡ ᠣᠯᠭᠤᠵᠤ ᠲᠤᠰᠢᠶᠠᠯ ᠳᠤ ᠲᠣᠮᠢᠯᠠᠬᠤ ᠪᠠ ᠡᠭᠦᠷᠭᠡ ᠶᠢᠨ ᠬᠤᠪᠢᠶᠠᠷᠢᠯᠠᠯᠲᠠ ᠶᠢᠨ ᠲᠣᠭᠲᠠᠭᠠᠯ ᠢ ᠨᠡᠶᠢᠲᠡᠯᠡᠪᠡ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ  ᠪᠠᠷ ᠵᠠᠰᠠᠪᠤᠷᠢ ᠣᠷᠣᠭᠤᠯᠤᠭᠰᠠᠨ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ  ᠤᠨ ᠲᠦᠷᠢᠮ﹀﹀ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠨᠠᠮ  ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠱᠠᠯᠠᠪᠳᠠᠭᠤᠯᠤᠨ ᠱᠠᠭᠠᠷᠳᠠᠵᠤ᠂ ᠪᠣᠳᠠᠲᠤ ᠠᠵᠢᠯᠯᠠᠭ᠎ᠠ ᠪᠠᠷ ᠢᠶᠠᠨ ︿︿ᠬᠤᠶᠠᠷ ᠢ ᠲᠣᠭᠲᠠᠭᠠᠬᠤ﹀﹀ ᠶᠢ ᠡᠷᠡᠰ ᠬᠦᠷᠢᠶᠡᠯᠡᠵᠦ᠂ ︿︿ᠬᠤᠶᠠᠷ ᠢ ᠬᠠᠮᠠᠭᠠᠯᠠᠬᠤ﹀﹀ ᠶᠢ ᠡᠷᠡᠰ ᠪᠡᠶᠡᠯᠡᠭᠦᠯᠬᠦ ᠬᠡᠷᠡᠭᠲᠡᠢ᠃ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠴᠢᠨᠠᠭᠰᠢᠳᠠ ᠪᠠᠳᠠᠷᠠᠭᠤᠯᠵᠤ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ︿︿ᠨᠢᠭᠡᠳᠦᠭᠡᠷ ᠭᠠᠷ﹀﹀ ᠪᠣᠯᠤᠨ ᠤᠳᠤᠷᠢᠳᠬᠤ ᠪᠠᠭ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ  ᠢ ᠴᠢᠩᠭ᠎ᠠ ᠠᠩᠬᠠᠷᠴᠤ᠂ ︿︿ᠳᠥᠷᠪᠡ ᠳᠤ ᠠᠩᠬᠠᠷᠤᠯ ᠢᠶᠠᠨ ᠲᠥᠪᠯᠡᠷᠡᠭᠦᠯᠬᠦ﹀﹀ ᠶᠢᠨ ᠲᠣᠭᠤᠷᠢᠨ ᠳᠤ ᠤᠯᠤᠰ ᠲᠦᠷᠦ  ᠶᠢᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠲᠤᠰ ᠡᠭᠡᠯᠵᠢ ᠶᠢᠨ ᠲᠣᠭᠤᠷᠢᠨ  ᠪᠠᠶᠢᠴᠠᠭᠠᠬᠤ ᠡᠭᠦᠷᠭᠡ ᠪᠠᠨ ᠴᠢᠨᠠᠷ ᠰᠠᠶᠢᠲᠠᠢ ᠰᠠᠶᠢᠲᠤᠷ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠲᠣᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ 4 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ 12 ᠬᠤᠰᠢᠭᠤ ᠰᠢᠭᠤᠳ ᠬᠠᠷᠢᠶ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠨ᠎ᠠ  ᠃      ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠲᠤᠰᠬᠠᠶ ᠲᠤᠰᠢᠶᠠᠯᠲᠠᠨ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号