ᠵᠡᠭᠦᠨ ᠦᠵᠦᠮᠦᠴᠢᠨ ᠬᠤᠰᠢᠭᠤᠨ ᠤ 2024 ᠣᠨ ᠤ ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠬᠤ︾ ᠭᠤᠣᠯ ᠰᠡᠳᠤᠪᠲᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/3/13
      ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠭᠡᠭᠵᠢᠭᠦᠯᠬᠦ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠤᠭᠲᠠᠭᠤᠨ ᠤ ᠬᠠᠯᠬᠠᠪᠴᠢ ᠶᠢ ᠪᠠᠲᠤ ᠪᠠᠬᠢᠵᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠭᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠶᠢ ᠳᠠᠰᠣᠷᠠᠯᠲᠠ ᠦᠭᠡᠢ ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠳᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠵᠦ᠂ ᠰᠡᠳᠬᠢᠯ ᠨᠢᠭᠡᠳᠤᠨ ᠬᠦᠴᠦ ᠪᠠᠨ ᠬᠠᠮᠲᠤᠳᠬᠠᠵᠤ᠂ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢᠨ ᠲᠤᠯᠠᠳᠠ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠬᠢᠯᠡᠵᠦ᠂ ᠬᠤᠰᠢᠭᠤ ᠠᠷᠠᠳ‌‍ᠤᠨ ᠵᠡᠪᠰᠡᠭᠲᠦ ᠬᠦᠴᠦᠨ ᠤ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠬᠠᠳᠠᠪᠴᠢ ᠪᠠᠯᠭᠠᠰᠤᠨ ᠤ ᠨᠠᠮ ᠤᠨ ᠬᠤᠷᠢᠶ᠎ᠠ᠂ ᠬᠤᠰᠢᠭᠤ ᠰᠢᠨ᠎ᠡ ᠴᠠᠭ ᠦᠶ᠎ᠡ  ᠶᠢᠨ ᠪᠤᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠦᠪ᠂ ᠤᠯᠠᠭᠠᠨᠮᠦ᠋ᠴᠢᠷ᠂ ᠨᠣᠮ ᠤᠨ ᠰᠠᠩ ᠠᠴᠠ ᠳᠠᠭᠠᠭᠠᠴᠠᠯᠠᠨ ᠡᠷᠬᠢᠯᠡᠭᠰᠡᠨ᠂ 2024 ᠣᠨ ᠤ ᠵᠡᠭᠦᠨ ᠦᠵᠦᠮᠦᠴᠢᠨ ᠬᠤᠰᠢᠭᠤᠨ ᠤ ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠬᠤ︾ ᠭᠤᠣᠯ ᠰᠡᠳᠤᠪᠲᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ 2 ᠰᠠᠷ᠎ᠠ ᠶᠢᠨ 29 ᠤ ᠡᠳᠦᠷ ᠠᠮᠵᠢᠯᠲᠠ ᠲᠠᠢ ᠶᠠᠪᠤᠭᠳᠠᠵᠤ᠂ ᠪᠦᠬᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠪᠠᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠤᠯᠭᠠᠪᠠ᠃      ᠠᠵᠢᠯᠯᠠᠭ᠎ᠠ ᠶᠢᠨ ᠡᠬᠢᠨ ᠳᠤ᠂ ᠤᠯᠤᠰ ᠤᠨ ᠰᠦᠯᠳᠡ ᠳᠠᠭᠤᠤ ᠬᠦᠭᠵᠢᠮᠳᠡᠨ᠂ ᠤᠯᠤᠰ ᠤᠨ ᠲᠤᠭ ᠮᠠᠨᠳᠤᠭᠤᠯᠵᠤ᠂ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠤᠨ ᠲᠣᠭᠯᠠᠭᠴᠢᠳ ᠪᠤᠯᠤᠨ ᠵᠡᠭᠦᠨ ᠦᠵᠦᠮᠦᠴᠢᠨ ᠬᠤᠰᠢᠭᠤᠨ ᠳᠤ ᠰᠠᠭᠤᠭ᠎ᠠ ᠴᠡᠷᠢᠭ ᠠᠩᠭᠢ ᠳᠠᠷᠤᠭ᠎ᠠ ᠪᠠᠶᠢᠯᠳᠤᠭᠴᠢᠳ ᠭᠤᠶᠢᠲᠠ ᠰᠠᠶᠢᠬᠠᠨ ᠲᠤᠭᠯᠠᠯᠲᠠ ᠭᠠᠷᠭᠠᠨ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ‌‍ᠤᠨ ᠵᠡᠪᠰᠡᠭᠲᠦ ᠬᠦᠴᠦᠨ ᠤ ᠬᠡᠯᠲᠡᠰ᠂ ᠨᠣᠮ ᠤᠨ ᠰᠠᠩ᠂ ᠰᠢᠨᠬᠤᠸᠠ ᠨᠤᠮ ᠤᠨ ᠳᠡᠯᠭᠡᠭᠦᠷ ᠠᠴᠠ ᠨᠣᠮ ᠤᠨ ᠪᠡᠯᠡᠭ ᠬᠦᠷᠭᠡᠵᠦ᠂ ᠠᠬᠤᠢ ᠲᠠᠯᠠᠪᠠᠢ ᠳᠤ ᠳᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠡᠳᠡᠯᠭᠡ ᠶᠢᠨ ᠰᠡᠳᠦᠪ ᠬᠠᠷᠢᠭᠤᠯᠬᠤ ᠵᠡᠷᠭᠡ ᠡᠯᠪᠡᠭ ᠠᠭᠤᠯᠭ᠎ᠠ ᠪᠠᠷ ᠶᠠᠪᠤᠭᠳᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠰᠡᠳᠬᠢᠯ ᠨᠢᠭᠡᠳᠤᠨ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠨ᠂ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠵᠠᠢ᠃    
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号