ᠪᠠᠳᠮᠠᠰᠡᠷᠡᠩ᠂ ᠡᠷᠡᠭᠲᠡᠢ᠂ ᠮᠣᠩᠭᠤᠯ ᠦᠨᠳᠦᠰᠦᠲᠡᠨ᠂1958 ᠣᠨ ᠤ 9 ᠰᠠᠷ᠎ᠠ ᠶᠢᠨ 1 ᠤ ᠡᠳᠦᠷ | ᠲᠦᠷᠦᠵᠦ᠂ ᠭᠠᠬᠢᠯ ᠰᠤᠮᠤᠨ ᠤ ᠡᠷᠢᠶᠡᠨᠪᠣᠯᠠᠭ ᠭᠠᠴᠠᠭᠠᠨ ᠤ ᠮᠠᠯᠴᠢᠨ᠂ ᠭᠠᠴᠠᠭᠠᠨ ᠤ ᠨᠠᠮ ᠤᠨ ᠭᠡᠰᠢᠭᠦᠨ | ᠭᠤᠤᠯᠯᠠᠬᠤ ᠡᠷᠦᠬᠡ᠂ ᠳᠤᠭᠤᠶᠢᠯᠠᠩ ᠤᠨ ᠳᠠᠷᠤᠭ᠎ᠠ᠃ | ᠳᠡᠭᠡᠷ᠎ᠡ ᠵᠠᠭᠤᠨ ᠤ ᠶᠢᠷᠡᠭᠡᠳ ᠣᠨ ᠳᠤ ᠡᠷᠬᠢᠮ ᠪᠠᠶᠠᠨ ᠤ ᠡᠩᠨᠡᠭᠡᠨ ᠳᠤ ᠮᠠᠩᠯᠠᠶᠢᠯᠠᠵᠦ ᠶᠠᠪᠤᠭᠰᠠᠨ ᠪᠦᠬᠦ | ᠣᠷᠤᠨ ᠤ ᠬᠦᠳᠡᠯᠮᠦᠷᠢ ᠶᠢᠨ ᠵᠢᠱᠢᠶᠡᠴᠢ᠂ ᠠᠷᠪᠠᠨ ᠰᠣᠳᠤᠨ ᠵᠠᠯᠠᠭᠤᠴᠣᠳ ᠤᠨ ᠨᠢᠭᠡ ᠪᠤᠯᠬᠤ ᠲᠠᠪᠤᠨ ᠮᠢᠩᠭᠠᠲᠤ ᠶᠢᠨ | ᠡᠷᠦᠬᠡ᠂ ᠥᠨᠥ ᠮᠦᠨ ᠰᠢᠯᠢ ᠶᠢᠨ ᠭᠤᠤᠯ ᠠᠶᠢᠮᠠᠭ ᠤᠨ ᠰᠢᠯᠢᠳᠡᠭ ᠮᠠᠯᠴᠢᠨ ᠤ ᠡᠩᠨᠡᠭᠡᠨ ᠳᠤ ᠣᠷᠤᠶᠢᠯᠠᠵᠦ ᠶᠠᠪᠤᠭ᠎ᠠ | ᠮᠠᠯᠴᠢᠨ ᠪᠢᠯᠡ᠃1990 ᠣᠨ ᠳᠤ ᠠᠶᠢᠮᠠᠭ ᠤᠨ ᠳᠡᠰ ᠤᠨ《 ᠮᠠᠯ ᠤᠨ ᠭᠠᠷᠭᠠᠯᠲᠠ ᠶᠢᠨ ᠮᠠᠩᠯᠠᠢ ᠡᠷᠦᠬᠡ》᠂ | 1991 ᠣᠨ ᠳᠤ ᠠᠶᠢᠮᠠᠭ ᠤᠨ ᠱᠠᠲᠤᠨ ᠤ《 ᠭᠠᠮᠰᠢᠭ ᠲᠠᠢ ᠲᠡᠮᠡᠴᠡᠵᠦ ᠮᠠᠯ ᠢᠶᠠᠨ ᠬᠠᠮᠠᠭᠠᠯᠠᠭᠰᠠᠨ ᠭᠠᠪᠢᠶᠠᠲᠡᠨ》᠂ | ᠬᠤᠰᠢᠭᠤ ᠱᠠᠲᠤᠨ ᠤ《ᠬᠥᠳᠡᠯᠮᠦᠷᠢ ᠶᠢᠨ ᠵᠢᠱᠢᠶᠡᠴᠢ》᠃ 1992 ᠣᠨ ᠳᠤ ᠬᠤᠰᠢᠭᠤᠨ ᠤ《ᠭᠠᠮᠰᠢᠭ ᠲᠠᠢ | ᠲᠡᠮᠡᠴᠡᠵᠦ ᠮᠠᠯ ᠢᠶᠠᠨ ᠬᠠᠮᠠᠭᠠᠯᠠᠭᠰᠠᠨ ᠰᠠᠶᠢᠴᠣᠣᠯ》᠂ 1993 ᠣᠨ ᠳᠤ ᠬᠤᠰᠢᠭᠤ ᠱᠠᠳᠤᠨ ᠤ《 ᠮᠠᠯ ᠠᠵᠤ | ᠠᠬᠤᠢ ᠳᠠᠭᠠᠨ ᠣᠨᠴᠠ ᠭᠠᠪᠢᠶ᠎ᠠ ᠵᠢᠳᠬᠦᠯ ᠭᠠᠷᠭᠠᠭᠰᠠᠨ ᠰᠢᠯᠢᠳᠡᠭ ᠲᠠᠮᠢᠷᠴᠢᠨ》᠂ 1994 ᠣᠨ ᠳᠤ ᠪᠦᠬᠦ | ᠬᠤᠰᠢᠭᠤᠨ ᠤ ᠠᠩᠬᠠᠳᠤᠭᠠᠷ ᠤᠳᠠᠭᠠᠨ ᠤ《 ᠠᠷᠪᠠᠨ ᠶᠡᠭᠡ ᠭᠠᠷᠮᠠᠭᠠᠢ ᠵᠠᠯᠠᠭᠤ》 ᠶᠢᠨ ᠨᠢᠭᠡ᠂ 1996 ᠣᠨ ᠳᠤ | ᠬᠤᠰᠢᠭᠤᠨ ᠳᠡᠰ ᠤᠨ《ᠬᠦᠳᠡᠯᠮᠦᠷᠢ ᠶᠢᠨ ᠵᠢᠱᠢᠶᠡᠴᠢ》᠂ 1997 ᠣᠨ ᠳᠤ ᠠᠶᠢᠮᠠᠭ ᠱᠠᠳᠤᠨ ᠤ《 ᠮᠠᠯ ᠤᠨ | ᠭᠠᠷᠭᠠᠯᠲᠠ ᠶᠢᠨ ᠮᠠᠩᠯᠠᠢ ᠡᠷᠦᠬᠡ》᠂ 1999 ᠣᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ《5.1》 ᠤ ᠬᠥᠳᠡᠯᠮᠦᠷᠢ ᠶᠢᠨ ᠵᠢᠱᠢᠶᠡᠴᠢ᠂ 2001 ᠣᠨ ᠳᠤ ᠬᠤᠰᠢᠭᠤ ᠱᠠᠳᠤᠨ ᠤ《ᠭᠠᠮᠰᠢᠭ ᠲᠠᠢ | ᠲᠡᠮᠡᠴᠡᠵᠦ ᠮᠠᠯ ᠢᠶᠠᠨ ᠬᠠᠮᠠᠭᠠᠯᠠᠭᠰᠠᠨ ᠲᠡᠷᠢᠭᠦᠨ ᠤ ᠬᠤᠪᠢ ᠬᠦᠮᠦᠨ》ᠵᠡᠷᠭᠡ ᠠᠯᠲᠠᠨ ᠮᠧᠲᠠᠯ ᠤᠨ ᠱᠠᠩᠨᠠᠯ | ᠬᠦᠬᠢᠭᠦᠯᠦᠯ ᠢ ᠬᠦᠷᠲᠡᠵᠦ᠂1984᠂ 1987᠂ 1991᠂ 1994᠂ 1997᠂ 2000 ᠣᠨ ᠳᠤ | ᠵᠢᠷᠭᠤᠭᠠᠨ ᠬᠤᠭᠤᠴᠠᠭ᠎ᠠ ᠳᠠᠷᠠᠭᠠᠯᠠᠨ ᠰᠤᠮᠤᠨ ᠤ ᠠᠷᠠᠳ ᠤᠨ ᠲᠦᠯᠦᠭᠡᠯᠡᠭᠴᠢ ᠪᠠᠷ ᠰᠤᠩᠭᠤᠭᠳᠠᠵᠤ᠂1994᠂ | 1999 ᠤᠨ ᠳᠤ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠣᠯᠣᠰ ᠲᠥᠷᠥ ᠶᠢᠨ ᠵᠦᠪᠯᠡᠯᠭᠡᠨ ᠤ | ᠲᠠᠪᠤᠳᠤᠭᠠᠷ ᠬᠤᠭᠤᠴᠠᠭ᠎ᠠ᠂ ᠵᠢᠷᠭᠤᠳᠤᠭᠠᠷ ᠬᠤᠭᠤᠴᠠᠭᠠᠨ ᠤ ᠵᠥᠪᠯᠡᠯ ᠤᠨ ᠭᠡᠰᠢᠭᠦᠨ ᠢᠶᠠᠷ ᠰᠤᠩᠭᠤᠭᠳᠠᠵᠤ | ᠦᠩᠭᠡᠷᠡᠭᠰᠡᠨ ᠪᠠᠶᠢᠨ᠎ᠠ᠃ |