︽ᠬᠡᠦᠬᠡᠳ ᠠᠵᠢᠯᠴᠢᠨ ᠬᠡᠷᠡᠭᠯᠡᠬᠦ  ᠶᠢ ᠴᠠᠭᠠᠵᠠᠯᠠᠵᠤ᠂ ᠨᠠᠰᠤᠨ ᠳᠤ ᠥᠯᠥ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠠᠯᠪᠠᠨ ᠵᠠᠷᠯᠠᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/14
      ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾        ︽ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠬᠤ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠣᠳᠤ ᠵᠡᠭᠦᠨ ᠦᠵᠦᠮᠦᠴᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ 1 ᠰᠠᠷ᠎ᠠ ᠶᠢᠨ 24᠎ ᠤ ᠡᠳᠦᠷ ᠠᠯᠪᠠᠨ ᠵᠠᠷᠯᠠᠯ ᠨᠡᠶᠢᠲᠡᠯᠡᠵᠦ᠂ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠬᠡᠦᠬᠡᠳ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠲᠤᠬᠠᠢ ᠲᠣᠮᠢᠶᠠᠯᠠᠯ ᠢ ᠲᠣᠳᠣᠷᠬᠠᠶᠢᠯᠠᠬᠤ ᠬᠡᠷᠡᠭᠲᠡᠢ      ᠬᠡᠦᠬᠡᠳ ᠠᠵᠢᠯᠴᠢᠨ ᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ︽ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠬᠤ ᠲᠣᠭᠲᠠᠭᠠᠯ︾᠎ ᠤᠨ ᠬᠤᠶᠠᠳᠤᠭᠠᠷ ᠵᠦᠢᠯ ᠳᠤ᠂ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠦ ᠬᠡᠷᠡᠭᠯᠡᠬᠦ ᠶᠢ ᠬᠡᠦᠬᠡᠳ ᠠᠵᠢᠯᠴᠢᠨ ᠬᠡᠷᠡᠭᠯᠡᠭᠰᠡᠨ ᠳᠤ ᠲᠣᠭᠠᠴᠠᠨ᠎ᠠ ᠭᠡᠵᠦ ᠲᠣᠭᠲᠠᠭᠠᠵᠠᠢ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ  ᠎ ᠶᠢᠨ ᠬᠠᠤᠯᠢ︾᠎ ᠶᠢᠨ ᠲᠠᠪᠢᠨ ᠨᠠᠢᠮᠠᠳᠤᠭᠠᠷ ᠵᠦᠢᠯ ᠳᠤ᠂ ᠨᠠᠰᠤᠨ ᠳᠤ ᠬᠦᠷᠦᠭᠡᠳᠦᠶ ᠠᠵᠢᠯᠴᠢᠨ ᠭᠡᠳᠡᠭ ᠨᠢ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠥᠳᠡᠯᠮᠦᠷᠢᠴᠢᠨ ᠢ ᠵᠢᠭᠠᠵᠤ ᠪᠠᠶᠢᠨ᠎ᠠ᠂ ᠤᠯᠤᠰ ᠠᠴᠠ ᠨᠠᠰᠤᠨ ᠳᠤ ᠬᠦᠷᠦᠭᠡᠳᠦᠶ ᠠᠵᠢᠯᠴᠢᠨ ᠳᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠬᠡᠷᠡᠭᠵᠢᠭᠦᠯᠦᠨ᠎ᠡ ᠭᠡᠵᠦ ᠲᠣᠭᠲᠠᠭᠠᠵᠠᠢ᠃      ᠬᠤᠶᠠᠷ᠂ ᠴᠠᠭᠠᠵᠠᠯᠠᠬᠤ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ      ⒈ ᠣᠯᠤᠰ ᠤᠨ ᠠᠯᠪᠠᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠥᠳᠡᠯᠮᠦᠷᠢᠴᠢᠨ ᠢ ᠡᠯᠰᠡᠬᠦ ᠳᠡᠭᠡᠨ ᠲᠡᠭᠦᠨ ᠤ ᠬᠤᠪᠢ ᠪᠡᠶ᠎ᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠬᠡᠷᠡᠭᠲᠡᠢ᠂ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠢ ᠡᠯᠰᠡᠨ ᠬᠡᠷᠡᠭᠯᠡᠵᠦ ᠪᠣᠯᠬᠤ ᠦᠭᠡᠢ᠃      ⒉ ᠶᠠᠮᠠᠷᠪᠠ ᠨᠢᠭᠡᠴᠢ ᠪᠤᠶᠤ ᠬᠤᠪᠢ ᠬᠥᠮᠥᠨ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠥ ᠬᠦᠷᠦᠭᠰᠡᠦᠠ ᠲᠤ ᠠᠵᠢᠯ ᠲᠠᠨᠢᠯᠴᠠᠭᠤᠯᠤᠨ ᠥᠭᠴᠦ ᠪᠣᠯᠬᠤ ᠦᠭᠡᠢ᠃      ⒊ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠥ ᠬᠦᠷᠦᠭᠰᠡᠦᠠ ᠤᠨ ᠬᠤᠪᠢ ᠶᠢᠨ ᠡᠵᠡᠩᠨᠡᠯᠲᠡ ᠶᠢᠨ ᠠᠵᠢᠯᠯᠠᠭ᠎ᠠ ᠪᠠᠨ ᠡᠬᠢᠯᠡᠭᠦᠯᠬᠦ ᠶᠢ ᠵᠥᠪᠰᠢᠶᠡᠷᠡᠵᠦ ᠪᠣᠯᠬᠤ ᠦᠭᠡᠢ᠃      ⒋ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠤ ᠬᠥᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠬᠠᠮᠠᠭᠠᠯᠠᠵᠤ᠂ ᠲᠡᠳᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠡᠷᠬᠡ ᠶᠢ ᠪᠠᠲᠤᠯᠠᠬᠤ ᠬᠡᠷᠡᠭᠲᠡᠢ᠂ ᠬᠥᠮᠥᠨ ᠬᠡᠷᠡᠭᠯᠡᠬᠦ ᠨᠢᠭᠡᠴᠢ ᠳᠤ ᠬᠠᠤᠯᠢ ᠪᠤᠰᠤ ᠪᠠᠷ ᠡᠯᠰᠡᠭᠳᠡᠨ ᠬᠡᠷᠡᠭᠯᠡᠭᠳᠡᠬᠦ ᠶᠢ ᠵᠥᠪᠰᠢᠶᠡᠷᠡᠵᠦ ᠪᠣᠯᠬᠤ ᠦᠭᠡᠢ᠃      ⒌ᠡᠵᠡᠩᠨᠡᠯᠲᠡ ᠶᠢᠨ ᠴᠢᠨᠠᠷᠲᠠᠢ ᠵᠤᠭ᠎ᠠ ᠴᠡᠩᠭᠡᠯ ᠤᠨ ᠭᠠᠵᠠᠷ᠂ ᠠᠷᠢᠬᠢᠨ ᠮᠤᠬᠤᠯᠠᠭ᠂ ᠢᠨᠲ᠋ᠧᠷ ᠰᠦᠯᠵᠢᠶᠡᠨ ᠤ ᠪᠠᠭᠠᠷ ᠲᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠵᠡᠷᠭᠡ ᠨᠠᠰᠤᠨ ᠳᠤ ᠦᠯᠤ ᠬᠥᠷᠦᠭᠰᠡᠳ ᠤᠨ ᠠᠵᠢᠯᠯᠠᠭ᠎ᠠ ᠬᠢᠬᠦ ᠳᠤ ᠲᠣᠬᠢᠷᠠᠬᠤ ᠦᠭᠡᠢ ᠲᠠᠯᠠᠪᠤᠷ ᠲᠤ ᠨᠢᠭᠡᠨᠲᠡ ᠪᠦᠬᠦᠯᠢ ᠠᠷᠪᠠᠨ ᠵᠢᠷᠭᠤᠭᠠᠨ ᠨᠠᠰᠤ ᠬᠥᠷᠦᠭᠰᠡᠨ ᠨᠠᠰᠤᠨ ᠳᠤ ᠦᠯᠤ ᠬᠥᠷᠦᠭᠰᠡᠳ ᠢ ᠡᠯᠰᠡᠨ ᠬᠡᠷᠡᠭᠯᠡᠵᠦ ᠪᠣᠯᠬᠤ ᠦᠭᠡᠢ᠃      ᠭᠤᠷᠪᠠ᠂ ᠨᠠᠰᠤᠨ ᠳᠤ ᠦᠯᠦ ᠬᠦᠷᠦᠭᠰᠡᠦᠠ ᠢ ᠡᠯᠰᠡᠵᠦ ᠬᠡᠷᠡᠭᠯᠡᠪᠡᠯ ᠡᠭᠦᠷᠭᠡᠯᠡᠬᠦ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ     ⒈ ᠬᠥᠮᠥᠨ ᠬᠡᠷᠡᠭᠯᠡᠬᠦ ᠨᠢᠭᠡᠴᠢ ᠬᠡᠦᠬᠡᠳ ᠠᠵᠢᠯᠴᠢᠨ ᠬᠡᠷᠡᠭᠯᠡᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡ ᠬᠡᠦᠬᠡᠳ ᠠᠵᠢᠯᠴᠢᠨ ᠬᠡᠷᠡᠭᠯᠡᠬᠦ ᠪᠦᠷᠢ ᠰᠠᠷ᠎ᠠ ᠪᠦᠷᠢ 5000 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷᠢᠮᠵᠢᠶ᠎ᠠ ᠪᠠᠷ ᠰᠢᠢᠳᠬᠡᠨ᠎ᠡ︔ᠡᠭᠦᠨ ᠤ ᠬᠠᠮᠲᠤ ᠬᠥᠮᠥᠨ ᠬᠡᠷᠡᠭᠯᠡᠬᠦ ᠨᠢᠭᠡᠴᠢ ᠶᠢ ᠵᠠᠷᠯᠢᠭᠳᠠᠵᠤ ᠲᠣᠭᠲᠠᠭᠰᠠᠨ ᠬᠤᠭᠤᠴᠠᠭᠠᠨ ᠳᠤ ᠬᠡᠦᠬᠡᠳ ᠠᠵᠢᠯᠴᠢᠨ ᠢ ᠤᠤᠯ ᠤᠨ ᠰᠠᠭᠤᠵᠤ ᠪᠠᠶᠢᠭᠰᠠᠨ ᠭᠠᠵᠠᠷ ᠲᠤᠨᠢ ᠬᠦᠷᠭᠡᠵᠦ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠳᠤᠨᠢ ᠲᠤᠰᠢᠶᠠᠯᠭᠠᠨ᠎ᠠ᠂ ᠬᠡᠷᠡᠭᠰᠡᠬᠦ ᠵᠠᠮ ᠬᠠᠷᠢᠯᠴᠠᠭ᠎ᠠ ᠪᠠ ᠬᠤᠭᠤᠯᠠ ᠬᠤᠨᠤᠭ ᠤᠨ ᠵᠠᠷᠤᠳᠠᠯ ᠢ ᠪᠥᠬᠦᠳᠡ ᠶᠢ ᠬᠥᠮᠥᠨ ᠬᠡᠷᠡᠭᠯᠡᠬᠦ ᠨᠢᠭᠡᠴᠢ ᠠᠴᠠ ᠡᠭᠦᠷᠭᠡᠯᠡᠨ᠎ᠡ᠃      ⒉ᠨᠢᠭᠡᠴᠢ ᠪᠤᠶᠤ ᠬᠤᠪᠢ ᠬᠥᠮᠥᠨ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠲᠤ ᠠᠵᠢᠯ ᠲᠠᠨᠢᠯᠴᠠᠭᠤᠯᠵᠤ ᠥᠭᠭᠦᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡ ᠬᠥᠮᠥᠨ ᠢ ᠲᠠᠨᠢᠯᠴᠠᠭᠤᠯᠬᠤ ᠪᠦᠷᠢ ᠳᠤ 5000 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷᠢᠮᠵᠢᠶ᠎ᠠ ᠪᠠᠷ ᠰᠢᠳᠬᠡᠨ᠎ᠡ︔ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠲᠤ ᠠᠵᠢᠯ ᠲᠠᠨᠢᠯᠴᠠᠭᠤᠯᠵᠤ ᠥᠭᠭᠦᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠡᠭᠦᠨ ᠤ ᠠᠵᠢᠯ ᠮᠡᠷᠭᠡᠵᠢᠯ ᠲᠠᠨᠢᠯᠴᠠᠭᠤᠯᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃     ⒊ᠵᠤᠭ᠎ᠠ ᠴᠡᠩᠭᠡᠯ ᠤᠨ ᠭᠠᠵᠠᠷ ᠲᠤ ᠨᠠᠰᠤᠨ ᠳᠤ ᠥᠯᠥ ᠬᠦᠷᠦᠭᠰᠡᠳ ᠢ ᠡᠯᠰᠡᠵᠦ ᠬᠡᠷᠡᠭᠯᠡᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ ᠨᠢᠭᠡ ᠨᠠᠰᠤᠨ ᠳᠤ ᠥᠯᠥ ᠬᠦᠷᠦᠭᠰᠡᠳ ᠢ ᠡᠯᠰᠡᠵᠦ ᠬᠡᠷᠡᠭᠯᠡᠬᠦ ᠪᠦᠷᠢ ᠳᠤ ᠰᠠᠷ᠎ᠠ ᠪᠦᠷᠢ 5000 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷᠢᠮᠵᠢᠶ᠎ᠠ ᠪᠠᠷ ᠰᠢᠢᠳᠬᠡᠨ᠎ᠡ᠃     ⒋ᠬᠥᠮᠥᠨ ᠬᠡᠷᠡᠭᠯᠡᠬᠦ ᠨᠢᠭᠡᠴᠢ ᠠᠴᠠ ᠨᠠᠰᠤᠨ ᠳᠤ ᠬᠦᠷᠦᠭᠡᠳᠦᠶ ᠠᠵᠢᠯᠴᠢᠨ ᠢ ᠠᠭᠤᠷᠬᠠᠢ ᠶᠢᠨ ᠬᠤᠳᠳᠤᠭ ᠳᠣᠲᠣᠷ᠎ᠠ ᠠᠵᠢᠯᠯᠠᠭᠤᠯᠬᠤ᠂ ᠬᠤᠣᠷ ᠬᠥᠨᠥᠭᠡᠯ ᠲᠠᠢ᠂ ᠤᠯᠤᠰ ᠠᠴᠠ ᠲᠣᠭᠲᠠᠭᠠᠭᠰᠠᠨ ᠳᠥᠷᠪᠡᠳᠦᠭᠡᠷ ᠳᠡᠰ ᠤᠨ ᠪᠡᠶ᠎ᠡ ᠶᠢᠨ ᠬᠥᠳᠡᠯᠮᠦᠷᠢ ᠶᠢᠨ ᠡᠷᠴᠢᠮ ᠤᠨ ᠬᠥᠳᠡᠯᠮᠦᠷᠢ ᠪᠤᠶᠤ ᠪᠤᠰᠤᠳ ᠴᠡᠭᠡᠷ ᠲᠠᠢ ᠬᠥᠳᠡᠯᠮᠦᠷᠢ ᠬᠢᠯᠭᠡᠬᠦ ᠪᠠᠷ ᠲᠣᠬᠢᠷᠠᠭᠤᠯᠤᠭᠰᠠᠨ ᠪᠣᠯᠪᠠᠴᠤ ᠨᠠᠰᠤᠨ ᠳᠤ ᠬᠦᠷᠦᠭᠡᠳᠦᠶ ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠭᠰᠡᠨ ᠦᠭᠡᠢ ᠪᠠᠶᠢᠪᠠᠯ᠂ ᠬᠤᠬᠢᠷᠠᠯ ᠠᠮᠰᠠᠭᠰᠠᠨ ᠬᠥᠳᠡᠯᠮᠦᠷᠢᠴᠢᠨ ᠪᠦᠷᠢ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠪᠠᠷᠢᠮᠵᠢᠶ᠎ᠠ ᠪᠠᠷ ᠪᠤᠳᠤᠵᠤ ᠵᠣᠭᠤᠰ ᠢᠶᠠᠷ ᠲᠣᠷᠭᠠᠨ᠎ᠠ᠃     ⒌ ᠡᠵᠡᠩᠨᠡᠯᠲᠡ ᠶᠢᠨ ᠦᠨᠡᠮᠯᠡᠯ ᠦᠭᠡᠢ᠂ ᠬᠠᠤᠯᠢ ᠶᠣᠰᠣᠭᠠᠷ ᠡᠵᠡᠩᠨᠡᠯᠲᠡ ᠶᠢᠨ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠨᠢᠭᠡᠴᠢ ᠵᠢᠴᠢ ᠬᠠᠤᠯᠢ ᠶᠣᠰᠣᠭᠠᠷ ᠪᠦᠷᠢᠳᠬᠡᠭᠦᠯᠵᠦ ᠳᠠᠩᠰᠠᠯᠠᠭᠤᠯᠤᠭᠰᠠᠨ ᠦᠭᠡᠢ ᠨᠢᠭᠡᠴᠢ ᠬᠡᠦᠬᠡᠳ ᠠᠵᠢᠯᠴᠢᠨ ᠢ ᠬᠡᠷᠡᠭᠯᠡᠭᠰᠡᠨ ᠪᠤᠶᠤ ᠬᠡᠦᠬᠡᠳ ᠠᠵᠢᠯᠴᠢᠨ ᠢ ᠲᠠᠨᠢᠯᠴᠠᠭᠤᠯᠵᠤ ᠠᠵᠢᠯ ᠣᠯᠭᠤᠭᠰᠠᠨ ᠪᠠᠶᠢᠪᠠᠯ᠂ ︽ᠬᠡᠦᠬᠡᠳ ᠠᠵᠢᠯᠴᠢᠨ ᠬᠡᠷᠡᠭᠯᠡᠬᠦ  ᠶᠢ ᠴᠠᠭᠠᠵᠠᠯᠠᠬᠤ ᠲᠣᠭᠲᠠᠭᠠᠯ︾᠎ ᠤᠨ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠨᠠᠢᠮᠠᠳᠤᠭᠠᠷ ᠵᠦᠢᠯ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠨᠢᠭᠡ ᠳᠠᠬᠢᠨ ᠨᠡᠮᠡᠵᠦ ᠵᠣᠭᠤᠰ ᠢᠶᠠᠷ ᠲᠣᠷᠭᠠᠨ᠎ᠠ᠂ ᠲᠤᠰ ᠬᠠᠤᠯᠢ ᠪᠤᠰᠤ ᠨᠢᠭᠡᠴᠢ  ᠶᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠴᠠᠭᠠᠵᠠᠯᠠᠨ᠎ᠠ᠃    ⒍ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠬᠤ ᠲᠣᠭᠲᠠᠭᠠᠯ ᠢ ᠵᠥᠷᠢᠴᠡᠭᠰᠡᠨ᠂ ᠨᠠᠰᠤᠨ ᠳᠤ ᠬᠦᠷᠦᠭᠡᠳᠦᠢ ᠠᠵᠢᠯᠴᠢᠨ ᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠣᠭᠲᠠᠭᠠᠯ ᠢ ᠵᠥᠷᠢᠴᠡᠭᠰᠡᠨ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠬᠥᠮᠥᠨ ᠢ ᠨᠢ ᠭᠤᠷᠪᠠᠨ ᠵᠢᠯ ᠠᠴᠠ ᠳᠣᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠤᠢᠢᠯᠠ ᠪᠠᠶᠢᠳᠠᠯ ᠨᠢ ᠣᠨᠴᠠᠭᠠᠶ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠷᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠡᠭᠦᠨ ᠤ ᠬᠠᠮᠲᠤ ᠬᠠᠤᠯᠢ ᠠᠴᠠ ᠵᠥᠷᠢᠴᠡᠭᠰᠡᠨ ᠪᠡᠶᠡᠴᠢ ᠴᠣᠭᠴᠠ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ︶᠂ ᠬᠠᠤᠯᠢ ᠠᠴᠠ ᠵᠥᠷᠢᠴᠡᠭᠰᠡᠨ ᠭᠤᠣᠯ ᠪᠣᠳᠠᠲᠤ ᠬᠡᠷᠡᠭ ᠵᠡᠷᠭᠡ ᠮᠡᠳᠡᠭᠡ ᠵᠠᠩᠭᠢ ᠶᠢ ᠡᠯ᠎ᠡ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号