︽ᠮᠠᠯ ᠤᠨ ᠦᠬᠦᠳᠡᠯ ᠢ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠬᠤ ᠲᠤᠬᠠᠢ ᠤᠯᠢᠶᠠᠰᠤᠲᠠᠢ ᠪᠠᠯᠭᠠᠰᠤᠨ ᠤ ᠠᠯᠪᠠᠨ ᠵᠠᠷᠯᠠᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/14
      ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠢ ᠪᠠᠶᠢᠳᠠᠯ ᠵᠢᠴᠢ ᠦᠨᠳᠦᠰᠦᠯᠡᠯ      ᠮᠠᠯ ᠤᠨᠤᠭ᠎ᠠ ᠶᠢᠨ ᠦᠬᠦᠳᠡᠯ ᠢ ᠳᠤᠷ᠎ᠠ ᠪᠠᠷ ᠢᠶᠠᠨ ᠬᠠᠶᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠤᠯᠢ︾᠎ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠯᠪᠠᠨ ᠵᠠᠷᠯᠠᠯ ᠢ ᠣᠨᠴᠠᠭᠠᠶᠢᠯᠠᠨ ᠨᠡᠶᠢᠲᠡᠯᠡᠪᠡ᠃      ᠬᠤᠶᠠᠷ᠂ ᠬᠠᠷᠠᠯᠲᠠ ᠡᠭᠦᠷᠭᠡ      ᠮᠠᠯ ᠤᠨᠤᠭ᠎ᠠ ᠶᠢᠨ ᠦᠬᠦᠳᠡᠯ ᠢ ᠳᠤᠷ᠎ᠠ ᠪᠠᠷ ᠢᠶᠠᠨ ᠬᠠᠶᠠᠭᠰᠠᠨ ᠠᠴᠠ ᠪᠣᠯᠵᠤ ᠣᠷᠴᠢᠨ ᠠᠬᠤᠢ ᠶᠢ ᠪᠣᠬᠢᠷᠲᠤᠭᠤᠯᠬᠤ᠂ ᠬᠢᠵᠢᠭ ᠡᠪᠡᠳᠴᠢᠨ ᠳᠡᠯᠭᠡᠷᠡᠬᠦ ᠵᠡᠷᠭᠡ ᠬᠡᠷᠡᠭ ᠡᠭᠦᠰᠬᠦ ᠶᠢ ᠡᠷᠡᠰ ᠬᠤᠷᠢᠭᠯᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ᠭᠤᠷᠪᠠ᠂ ᠭᠤᠣᠯ ᠠᠭᠤᠯᠭ᠎ᠠ      ︵ᠨᠢᠭᠡ︶ ᠮᠠᠯ ᠤᠨ ᠦᠬᠦᠳᠡᠯ ᠢ ᠰᠢᠢᠳᠪᠦᠷᠢᠯᠡᠬᠦ ᠲᠠᠰ ᠳᠠᠷᠠᠭᠠᠯᠠᠯ ᠢ ᠲᠣᠳᠣᠷᠬᠠᠶᠢᠯᠠᠬᠤ ᠬᠡᠷᠡᠭᠲᠡᠢ      ⒈ᠮᠠᠯ ᠤᠨᠤᠭ᠎ᠠ ᠬᠡᠪ ᠤᠨ ᠪᠠᠶᠢᠳᠠᠯ ᠢᠶᠠᠷ ᠦᠬᠦᠭᠰᠡᠨ ᠤ ᠳᠠᠷᠠᠭ᠎ᠠ ᠪᠤᠶᠤ ᠪᠤᠰᠤᠳ ᠤᠨ ᠳᠤᠷ᠎ᠠ ᠪᠠᠷ ᠢᠶᠠᠨ ᠬᠠᠶᠠᠭᠰᠠᠨ ᠦᠬᠦᠳᠡᠯ ᠢ ᠣᠯᠵᠤ ᠮᠡᠳᠡᠪᠡᠯ᠂ ᠮᠠᠯᠵᠢᠬᠤ ᠡᠷᠦᠬᠡ ᠳᠠᠷᠤᠶᠢᠬᠠᠨ ᠭᠠᠴᠠᠭᠠᠨ ᠤ ᠵᠥᠪᠯᠡᠯ ᠳᠤ ᠮᠡᠳᠡᠭᠦᠯᠵᠦ᠂ ᠭᠠᠴᠠᠭᠠᠨ ᠤ ᠵᠥᠪᠯᠡᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠤ ᠮᠡᠳᠡᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠲᠣᠬᠢᠲᠠᠢ ᠭᠠᠵᠠᠷ ᠲᠤ ᠰᠢᠯᠵᠢᠭᠦᠯᠦᠨ ᠠᠪᠠᠴᠢᠵᠤ ᠪᠣᠬᠢᠷᠲᠤᠯ ᠦᠭᠡᠢ ᠪᠣᠯᠭᠠᠨ ᠰᠢᠢᠳᠪᠦᠷᠢᠯᠡᠬᠦ ᠬᠡᠷᠡᠭᠲᠡᠢ᠃      ⒉ᠬᠡᠷᠪᠡ ᠮᠠᠯ ᠤᠨᠤᠭ᠎ᠠ ᠨᠢ ᠭᠡᠨᠡᠳᠲᠡ ᠶᠢᠨ ᠴᠢᠨᠠᠷᠲᠠᠢ ᠬᠠᠯᠳᠠᠪᠤᠷᠢᠲᠤ ᠡᠪᠡᠳᠴᠢᠨ ᠠᠴᠠ ᠪᠣᠯᠤᠭᠰᠠᠨ ᠪᠥᠭᠡᠳ ᠶᠡᠭᠡ ᠬᠡᠪᠴᠢᠶ᠎ᠡ ᠪᠠᠷ ᠦᠬᠦᠭᠰᠡᠨ ᠪᠠᠶᠢᠪᠠᠯ᠂ ᠭᠠᠴᠠᠭᠠᠨ ᠤ ᠵᠥᠪᠯᠡᠯ ᠠᠴᠠ ᠳᠠᠷᠤᠢ ᠲᠦᠷᠭᠡᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠤ ᠮᠡᠳᠡᠭᠦᠯᠦᠨ ᠡᠪᠡᠳᠴᠢᠨ ᠤ ᠪᠠᠶᠢᠳᠠᠯ ᠢ ᠨᠢ ᠪᠠᠶᠢᠴᠠᠭᠠᠯᠭᠠᠵᠤ᠂ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠶᠢᠨ ᠬᠠᠮᠲᠤ ᠲᠤᠰᠬᠠᠢ ᠮᠡᠷᠭᠡᠵᠢᠯ ᠢᠶᠠᠷ ᠰᠢᠢᠳᠪᠦᠷᠢᠯᠡᠬᠦ ᠬᠡᠷᠡᠭᠲᠡᠢ᠃ ᠡᠪᠡᠳᠴᠢᠨ ᠢᠶᠠᠷ ᠦᠬᠦᠭᠰᠡᠨ ᠠᠮᠢᠲᠠᠨ ᠤ ᠦᠬᠦᠳᠡᠯ ᠢᠶᠠᠷ ᠭᠡᠷ ᠤᠨ ᠲᠡᠵᠢᠭᠡᠪᠦᠷᠢ ᠪᠠ ᠬᠡᠭᠡᠷ᠎ᠡ ᠶᠢᠨ ᠠᠮᠢᠲᠠᠨ ᠢ ᠲᠡᠵᠢᠭᠡᠵᠦ ᠪᠣᠯᠬᠤ ᠦᠭᠡᠢ᠃      ︵ᠬᠤᠶᠠᠷ︶ ᠬᠠᠤᠯᠢ ᠴᠠᠭᠠᠵᠠ ᠶᠢᠨ ᠵᠦᠢᠯ ᠵᠤᠷᠪᠤᠰ ᠢ ᠲᠣᠳᠣᠷᠬᠠᠶᠢᠯᠠᠬᠤ ᠬᠡᠷᠡᠭᠲᠡᠢ      ⒈ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠎ ᠶᠢᠨ ᠳᠠᠯᠠᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ︽ᠬᠢᠵᠢᠭ ᠬᠠᠯᠳᠠᠪᠤᠷᠢᠯᠠᠭᠰᠠᠨ ᠠᠮᠢᠲᠠᠨ ᠵᠢᠴᠢ ᠲᠡᠭᠦᠨ ᠤ ᠢᠯᠭᠠᠳᠠᠰᠤ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠠᠰᠢᠭ ᠰᠢᠮ᠎ᠡ᠂ ᠡᠪᠡᠳᠴᠢᠨ ᠢᠶᠠᠷ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠣᠳᠣᠷᠬᠠᠢ ᠦᠭᠡᠢ ᠠᠮᠢᠲᠠᠨ ᠤ ᠦᠬᠦᠳᠡᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠦᠭᠡᠢ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠵᠤ ᠪᠣᠬᠢᠷᠲᠤᠯ ᠦᠭᠡᠢ ᠪᠣᠯᠭᠠᠨ ᠰᠢᠢᠳᠪᠦᠷᠢᠯᠡᠭᠦᠯᠦᠨ᠎ᠡ᠂ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠥᠨ ᠡᠭᠦᠷᠭᠡᠯᠡᠨ᠎ᠡ᠂ ᠭᠤᠷᠪᠠᠨ ᠮᠢᠩᠭᠠᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠳᠭᠡᠵᠦ ᠪᠣᠯᠣᠨ᠎ᠠ︾ ᠭᠡᠵᠦ ᠵᠠᠰᠠᠪᠠ᠃      ⒉ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ 337 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ︽ᠠᠮᠢᠳᠡᠠ ᠤᠷᠭᠤᠮᠠᠯ ᠤᠨ ᠬᠢᠵᠢᠭ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠲᠤᠬᠠᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠠᠮᠢᠳᠡᠠ ᠤᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠪᠤᠢ ᠪᠣᠯᠭᠠᠭᠰᠠᠨ᠂ ᠡᠰᠡᠬᠦᠯ᠎ᠡ ᠠᠮᠢᠳᠡᠠ ᠤᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠪᠤᠢ ᠪᠣᠯᠭᠠᠬᠤ ᠠᠶᠤᠯ ᠢ ᠪᠤᠢ ᠪᠣᠯᠭᠠᠭᠰᠠᠨ ᠪᠥᠭᠡᠳ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠣᠷᠤᠭᠰᠢ  ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠡᠩ ᠢᠶᠠᠷ ᠰᠢᠳᠬᠡᠨ᠎ᠡ᠃︾      ︵ᠭᠤᠷᠪᠠ︶ ᠢᠯᠡᠴᠢᠯᠡᠨ ᠮᠡᠳᠡᠭᠦᠯᠬᠦ ᠤᠲᠠᠰᠤ ᠭᠠᠷᠭᠠᠬᠤ᠄ 0479 ︱ 3223508
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号