ᠰᠢᠷ᠎ᠠ ᠶᠢᠨ ᠱᠠᠰᠢᠨ ᠮᠤᠩᠭᠤᠯ ᠤᠷᠤᠨ ᠳᠤ ᠳᠡᠯᠭᠡᠷᠡᠭᠰᠡᠨ ᠨᠢ
ᠨᠡᠶᠢᠲᠡᠯᠡᠭᠰᠡᠨ ᠴᠠᠭ᠄
2024/3/14
      1571 ᠤᠨ ᠳᠤ ᠠᠯᠲᠠᠨ ᠬᠠᠭᠠᠨ ᠲᠦᠪᠡᠳ ᠤᠨ ᠠᠰᠢᠩ ᠯᠠᠮᠠ ᠶᠢ ᠬᠦᠯᠢᠶᠡᠨ ᠠᠭᠤᠯᠵᠠᠬᠤ ᠳᠤ ᠪᠠᠨ ᠲᠡᠭᠦᠨ ᠤ ᠢᠳᠬᠠᠯ ᠢᠶᠠᠷ ᠪᠤᠷᠬᠠᠨ ᠤ ᠱᠠᠰᠢᠨ ᠰᠢᠲᠦᠬᠦ ᠪᠠᠷ ᠪᠤᠯᠪᠠ᠃ 1578 ᠤᠨ ᠳᠤ ᠰᠢᠷ᠎ᠠ ᠶᠢᠨ ᠱᠠᠰᠢᠨ ᠤ ᠲᠦᠷᠦᠭᠦᠦ ᠰᠤᠳᠨᠠᠮᠵᠠᠮᠰᠤ ᠶᠢ ᠤᠷᠢᠵᠤ ᠬᠦᠬᠡᠨᠠᠭᠤᠷ ᠤᠨ ᠴᠠᠪᠴᠢᠶᠠᠯ ᠰᠦᠮ᠎ᠡ ᠳᠤ ᠬᠦᠯᠢᠶᠡᠨ ᠠᠭᠤᠯᠵᠠᠭᠠᠳ ᠠᠷᠪᠠᠨ ᠲᠦᠮᠡᠨ ᠬᠦᠮᠦᠨ ᠤᠷᠤᠯᠴᠠᠭᠰᠠᠨ ᠨᠤᠮ ᠤᠨ ᠬᠤᠷᠠᠯ ᠬᠢᠪᠡ᠃ ᠠᠯᠲᠠᠨ ᠬᠠᠭᠠᠨ ᠪᠤᠯᠤᠨ ᠭᠤᠷᠪᠠᠳᠤᠭᠠᠷ ᠳᠠᠯᠠᠢ ᠯᠠᠮᠠ ᠵᠠᠮᠤ᠋ᠯᠠᠭᠠᠨ ᠶᠠᠷᠢᠯᠴᠠᠭᠰᠠᠨ ᠤ ᠳᠠᠷᠠᠭ᠎ᠠ᠂ ᠰᠢᠷ᠎ᠠ ᠶᠢᠨ ᠱᠠᠰᠢᠨ ᠮᠤᠩᠭᠤᠯ ᠳᠤ ᠶᠡᠭᠡ ᠬᠡᠮᠵᠢᠶ᠎ᠡ ᠪᠠᠷ ᠳᠡᠯᠭᠡᠷᠡᠨ        ᠡᠬᠢᠯᠡᠯ᠎ᠡ᠃ ᠠᠯᠲᠠᠨ ᠬᠠᠭᠠᠨ ᠤ ᠵᠦᠪᠰᠢᠶᠡᠷᠯᠡᠭᠡ ᠪᠠᠷ ᠬᠦᠬᠡᠬᠤᠲᠠ ᠳᠤ ᠰᠦᠮ᠎ᠡ ᠪᠠᠶᠢᠭᠤᠯᠵᠤ᠂ ᠪᠤᠷᠬᠠᠨ ᠤ ᠬᠦᠷᠦᠭ ᠪᠠ ᠰᠦᠮ᠎ᠡ ᠪᠠᠶᠢᠭᠤᠯᠵᠤ ︽ᠭᠠᠨᠵᠤᠤᠷ︾ ᠰᠤᠳᠤᠷ ᠢ ᠠᠯᠲᠠ ᠮᠦᠩᠬᠦ ᠪᠠᠷ ᠴᠢᠮᠡᠨ ᠲᠠᠬᠢᠪᠠ᠃      ᠴᠠᠪᠴᠢᠶᠠᠯ ᠤᠨ ᠶᠡᠭᠡ ᠬᠤᠷᠠᠯ ᠨᠢ ᠲᠦᠪᠡᠳ ᠤᠨ ᠭᠡᠯᠦᠭᠪᠠ ᠶᠢᠨ ᠪᠦᠯᠦᠭ ᠮᠤᠩᠭᠤᠯ ᠤᠷᠤᠨ ᠳᠤ ᠤᠯᠠᠮᠵᠢᠯᠠᠭᠳᠠᠨ ᠳᠡᠯᠭᠡᠷᠡᠭᠰᠡᠨ ᠤ ᠡᠬᠢᠯᠡᠯᠲᠡ ᠪᠤᠯᠤᠨ᠎ᠠ᠃ ᠡᠭᠦᠨ ᠠᠴᠠ ᠠᠪᠤᠭᠠᠳ ᠰᠢᠷ᠎ᠠ ᠶᠢᠨ ᠱᠠᠰᠢᠨ ᠤ ᠰᠦᠮ᠎ᠡ ᠬᠡᠶᠢᠳ ᠵᠠᠯᠭᠠᠭ᠎ᠠ ᠪᠠᠷ ᠪᠠᠶᠢᠭᠤᠯᠤᠭᠳᠠᠵᠤ᠂ ᠵᠦᠪᠬᠡᠨ ᠬᠦᠬᠡᠬᠤᠲᠠ ᠶᠢᠨ ᠬᠠᠪᠢ ᠪᠠᠷ ᠶᠡᠭᠡ ᠵᠤᠤ᠂ ᠰᠢᠷᠡᠭᠡᠲᠦ      ᠰᠦᠮ᠎ᠡ᠂ ᠮᠠᠶᠢᠳᠠᠷᠢ ᠵᠤᠤ ᠭᠡᠬᠦ ᠮᠡᠲᠦ ᠶᠢᠨ ᠠᠯᠳᠠᠷᠲᠤ ᠶᠡᠭᠡ ᠰᠦᠮ᠎ᠡ ᠨᠦᠭᠦᠳ ᠪᠠᠶᠢᠭᠤᠯᠤᠭᠳᠠᠭᠰᠠᠨ ᠪᠠᠶᠢᠨ᠎ᠠ᠃      ᠮᠤᠩᠭᠤᠯ ᠹᠸᠤᠳᠠᠯ ᠡᠵᠡᠳ ᠤᠨ ᠲᠤᠩᠬᠠᠭᠯᠠᠭ᠎ᠠ ᠪᠠᠷ ᠪᠤᠯ ᠪᠤᠷᠬᠠᠨ ᠤ ᠱᠠᠰᠢᠨ ᠢ ᠮᠤᠩᠭᠤᠯ ᠤᠨ ᠴᠤᠷ ᠤᠨ ᠭᠠᠭᠴᠠ ᠰᠢᠲᠦᠯᠭᠡ ᠪᠠᠷ ᠮᠡᠳᠡᠷᠡᠵᠦ᠂ ᠪᠦᠭᠡ ᠶᠢᠨ ᠱᠠᠰᠢᠨ ᠢ ᠬᠦᠴᠦᠨ ᠦᠭᠡᠢ ᠪᠤᠯᠭᠠᠬᠤ ᠪᠠᠷ ᠪᠤᠯᠤᠭᠰᠠᠨ ᠪᠠᠶᠢᠨ᠎ᠠ᠃ ︽ᠠᠯᠲᠠᠨ ᠬᠠᠭᠠᠨ ᠤ ᠬᠠᠤᠯᠢ ᠶᠢᠨ ᠪᠢᠴᠢᠭ︾ ᠲᠤ ᠲᠤᠭᠲᠠᠭᠠᠭᠰᠠᠨ ᠢᠶᠠᠷ ᠪᠤᠯ ᠪᠤᠷᠬᠠᠨ ᠤ ᠱᠠᠰᠢᠨ ᠢ ᠬᠦᠨᠳᠦᠯᠡᠬᠦ ᠦᠭᠡᠢ ᠪᠤᠯ ᠬᠦᠨᠳᠦ ᠪᠠᠷ ᠰᠢᠢᠳᠭᠡᠨ᠎ᠡ᠃      ᠰᠢᠷ᠎ᠠ ᠶᠢᠨ ᠱᠠᠰᠢᠨ ᠨᠢ ᠮᠤᠩᠭᠤᠯ ᠤᠨ ᠨᠡᠶᠢᠭᠡᠮ ᠤᠨ ᠡᠯ᠎ᠡ ᠲᠠᠯ᠎ᠠ ᠶᠢ ᠭᠦᠨᠵᠡᠭᠡᠢ ᠨᠦᠯᠦᠭᠡᠯᠡᠵᠡᠢ᠃ ᠪᠤᠷᠬᠠᠨ ᠤ ᠱᠠᠰᠢᠨ ᠤ ᠨᠤᠮ ᠢ ᠤᠷᠴᠢᠭᠤᠯᠬᠤ ᠶᠠᠪᠤᠴᠠ ᠳᠤ ᠮᠤᠩᠭᠤᠯ ᠤᠨ ᠭᠦᠨ ᠤᠬᠠᠭᠠᠨ᠂ ᠤᠷᠠᠨ ᠵᠤᠬᠢᠶᠠᠯ᠂ ᠲᠡᠦᠬᠡ ᠶᠢᠨ ᠤᠬᠠᠭᠠᠨ ᠤ ᠲᠠᠯ᠎ᠠ ᠳᠤ ᠴᠦᠮ ᠰᠢᠨ᠎ᠡ ᠠᠭᠤᠯᠭ᠎ᠠ ᠨᠡᠮᠡᠭᠳᠡᠵᠡᠢ᠃ ᠲᠦᠪᠡᠳ ᠤᠨ ᠡᠷᠲᠡᠨ ᠤ ᠡᠮ ᠡᠮᠨᠡᠯᠭᠡ ᠶᠢᠨ ᠤᠬᠠᠭᠠᠨ ᠤ ᠤᠬᠠᠭᠠᠨ ᠤ ᠤᠯᠠᠮᠵᠢᠯᠠᠭᠳᠠᠨ ᠳᠡᠯᠭᠡᠷᠡᠭᠰᠡᠨ ᠨᠢ ᠮᠤᠩᠭᠤᠯ ᠤᠨ ᠡᠮ ᠡᠮᠨᠡᠯᠭᠡ ᠶᠢᠨ ᠤᠬᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ᠮᠤᠩᠭᠤᠯ ᠡᠮᠨᠡᠯᠭᠡ ᠶᠢᠨ ᠵᠠᠷᠢᠮ ᠲᠠᠯ᠎ᠠ ᠶᠢᠨ ᠬᠤᠴᠤᠷᠤᠩᠭᠤᠢ ᠡᠮᠨᠡᠯᠭᠡ ᠶᠢᠨ ᠠᠷᠭ᠎ᠠ ᠪᠠᠷᠢᠯ ᠢ ᠤᠷᠬᠢᠬᠤ ᠪᠤᠶᠤ ᠦᠭᠡᠷᠡᠴᠢᠯᠡᠭᠦᠯᠪᠡ᠃ ᠡᠭᠦᠨ ᠤ ᠤᠯᠠᠮ ᠠᠴᠠ ᠮᠤᠩᠭᠤᠯ ᠡᠮᠨᠡᠯᠭᠡ ᠶᠢᠨ ᠤᠬᠠᠭᠠᠨ ᠤ ᠪᠠᠳᠠᠷᠠᠯ ᠬᠢᠭᠡᠳ ᠬᠦᠭᠵᠢᠯᠲᠡ ᠶᠢ ᠠᠬᠢᠭᠤᠯᠪᠠ᠃      ᠪᠠᠷᠢᠯᠭ᠎ᠠ ᠶᠢᠨ ᠬᠡᠪ ᠨᠠᠮᠪᠠ ᠶᠢᠨ ᠲᠠᠯ᠎ᠠ ᠳᠤ ᠲᠦᠪᠡᠳ ᠪᠠᠷᠢᠯᠭ᠎ᠠ ᠶᠢᠨ ᠤᠷᠠᠯᠢᠭ ᠤᠨ ᠨᠦᠯᠦᠭᠡ ᠶᠢ ᠬᠦᠷᠲᠡᠵᠦ᠂ ᠮᠤᠩᠭᠤᠯ ᠤᠨ ᠪᠠᠷᠢᠯᠭ᠎ᠠ᠂ ᠪᠠᠷᠢᠮᠠᠯ ᠪᠠ ᠭᠠᠷ ᠤᠷᠠᠯᠠᠯ ᠤᠨ ᠮᠡᠷᠭᠡᠵᠢᠯ ᠰᠢᠨ᠎ᠡ ᠬᠦᠭᠵᠢᠯᠲᠡ ᠲᠠᠢ ᠪᠤᠯᠵᠠᠢ᠃ ᠰᠦᠮ᠎ᠡ ᠬᠡᠶᠢᠳ ᠨᠢ ᠪᠦᠷ ᠬᠤᠳᠠᠯᠳᠤᠭ᠎ᠠ ᠶᠢᠨ ᠲᠦᠪ ᠪᠤᠯᠵᠤ᠂ ᠮᠤᠩᠭᠤᠯ ᠤᠨ ᠠᠵᠤ ᠠᠬᠤᠢ᠂ ᠠᠷᠠᠯᠵᠢᠶ᠎ᠠ ᠶᠢᠨ ᠬᠦᠭᠵᠢᠯᠲᠡ ᠳᠤ ᠲᠦᠯᠬᠢᠴᠡ ᠪᠤᠯᠪᠠ᠃ ᠮᠤᠩᠭᠤᠯ ᠤᠨ ᠤᠳᠤᠨ ᠤᠷᠤᠨ᠂ ᠵᠢᠷᠤᠬᠠᠢ ᠶᠢᠨ ᠬᠦᠭᠵᠢᠯᠲᠡ ᠶᠢ ᠠᠬᠢᠭᠤᠯᠵᠤ᠂ ᠨᠡᠶᠢᠭᠡᠮ ᠤᠨ ᠤᠯᠤᠰ ᠲᠦᠷᠦ᠂ ᠠᠵᠤ ᠠᠬᠤᠢ᠂ ᠴᠡᠷᠢᠭ ᠳᠠᠶᠢᠨ᠂ ᠰᠤᠶᠤᠯ ᠵᠡᠷᠭᠡ ᠡᠯ᠎ᠡ ᠲᠠᠯ᠎ᠠ ᠶᠢ ᠨᠦᠯᠦᠭᠡᠯᠡᠪᠡ᠃      ᠰᠢᠷ᠎ᠠ ᠶᠢᠨ ᠱᠠᠰᠢᠨ ᠳᠤ ᠠᠯᠠᠵᠤ ᠨᠢᠳᠤᠯᠠᠬᠤ ᠶᠢ ᠴᠡᠭᠡᠷᠯᠡᠳᠡᠭ ᠪᠤᠯᠬᠤᠷ ᠮᠤᠩᠭᠤᠯᠴᠤᠳ ᠤᠨ ᠤᠤᠯ ᠤᠨ ᠮᠠᠯ ᠤᠨᠠᠭ᠎ᠠ ᠠᠯᠠᠵᠤ ᠲᠠᠬᠢᠯᠭ᠎ᠠ ᠲᠦᠯᠡᠰᠢ ᠲᠠᠯᠪᠢᠬᠤ ᠬᠤᠴᠤᠷᠤᠩᠭᠤᠢ ᠳᠠᠳᠬᠠᠯ ᠢ ᠦᠭᠡᠷᠡᠴᠢᠯᠡᠵᠦ᠂ ᠢᠯᠠᠩᠭᠤᠶ᠎ᠠ ᠳᠠᠭᠠᠭᠤᠯᠤᠨ ᠤᠷᠤᠰᠢᠭᠤᠯᠬᠤ ᠳᠦᠷᠢᠮ ᠢ ᠤᠰᠠᠳᠬᠠᠭᠰᠠᠨ ᠠᠴᠠ ᠮᠤᠩᠭᠤᠯ ᠤᠨ ᠨᠡᠶᠢᠭᠡᠮ ᠤᠨ ᠪᠤᠯᠪᠠᠰᠤᠨ ᠬᠦᠭᠵᠢᠯᠲᠡ ᠳᠤ ᠴᠢᠬᠤᠯᠠ ᠶᠡᠭᠡ ᠦᠢᠯᠡᠳᠦᠯ ᠦᠵᠡᠭᠦᠯᠦᠭᠰᠡᠨ ᠪᠠᠶᠢᠨ᠎ᠠ᠃      ᠰᠢᠷ᠎ᠠ ᠶᠢᠨ ᠱᠠᠰᠢᠨ ᠨᠢ ᠹᠸᠤᠳᠠᠯ ᠤᠨ ᠨᠡᠶᠢᠭᠡᠮ ᠤᠨ ᠳᠡᠭᠡᠳᠦ ᠳᠠᠪᠬᠤᠷᠭ᠎ᠠ ᠳᠤ ᠲᠤᠭᠠᠴᠠᠭᠳᠠᠳᠠᠭ ᠪᠤᠯᠬᠤᠷ ᠮᠤᠩᠭᠤᠯ ᠤᠨ ᠨᠡᠶᠢᠭᠡᠮ ᠳᠤ ᠦᠵᠡᠭᠦᠯᠦᠭᠰᠡᠨ ᠨᠠᠵᠠᠭᠠᠢ ᠨᠦᠯᠦᠭᠡ ᠨᠢ ᠴᠦ ᠯᠤᠲᠤ ᠶᠡᠭᠡ ᠪᠠᠶᠢᠳᠠᠭ᠃ ᠯᠠᠮᠠ ᠶᠢᠨ ᠲᠤᠭ᠎ᠠ ᠬᠡᠮᠵᠢᠶ᠎ᠡ ᠨᠡᠮᠡᠭᠳᠡᠵᠦ᠂ ᠬᠦᠳᠡᠯᠮᠦᠷᠢᠴᠢᠨ ᠤ ᠲᠤᠭ᠎ᠠ ᠨᠤᠷᠮ᠎ᠠ ᠳᠤᠷᠤᠭᠰᠢᠯᠠᠵᠤ᠂ ᠨᠡᠶᠢᠭᠡᠮ ᠤᠨ ᠠᠵᠤ ᠠᠬᠤᠢ ᠬᠦᠨᠳᠦ ᠨᠤᠴᠠᠲᠠᠢ ᠨᠦᠯᠦᠭᠡᠯᠡᠭᠳᠡᠵᠡᠢ᠃ ᠮᠤᠩᠭᠤᠯ ᠤᠨ ᠹᠸᠤᠳᠠᠯ ᠨᠤᠶᠠᠷᠬᠠᠭᠴᠢᠳ ᠨᠢ ᠰᠢᠷ᠎ᠠ ᠶᠢᠨ ᠱᠠᠰᠢᠨ ᠢ ᠠᠷᠠᠳ ᠤᠯᠠᠨ ᠢ ᠡᠷᠬᠡᠰᠢᠶᠡᠬᠦ ᠪᠠᠭᠠᠵᠢ ᠪᠤᠯᠭᠠᠨ ᠠᠰᠢᠭᠯᠠᠵᠤ᠂ ᠬᠦᠮᠦᠰ ᠤᠨ ᠤᠶᠤᠨ ᠰᠠᠨᠠᠭ᠎ᠠ ᠶᠢ ᠮᠢᠨᠴᠦᠷᠡᠭᠦᠯᠵᠦ᠂ ᠹᠸᠤᠳᠠᠯ ᠨᠤᠶᠠᠷᠬᠠᠯ ᠢᠶᠠᠨ ᠬᠠᠮᠠᠭᠠᠯᠠᠵᠤ ᠪᠠᠬᠢᠵᠢᠭᠦᠯᠵᠦ ᠪᠠᠶᠢᠪᠠ᠃
 
ᠢᠷᠡᠯᠲᠡ᠄ ᠳᠦᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号