︽ᠬᠡᠦᠬᠡᠳ ᠠᠵᠢᠯᠴᠢᠨ ᠬᠡᠷᠡᠭᠯᠡᠬᠦ  ᠶᠢ ᠴᠠᠭᠠᠵᠠᠯᠠᠵᠤ᠂ ᠨᠠᠰᠤᠨ ᠳᠤ ᠥᠯᠥ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠠᠯᠪᠠᠨ ᠵᠠᠷᠯᠠᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/14
      ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾        ︽ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠬᠤ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠣᠳᠤ ᠵᠡᠭᠦᠨ ᠦᠵᠦᠮᠦᠴᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ 1 ᠰᠠᠷ᠎ᠠ ᠶᠢᠨ 24 ᠤ ᠡᠳᠦᠷ ᠠᠯᠪᠠᠨ ᠵᠠᠷᠯᠠᠯ ᠨᠡᠶᠢᠲᠡᠯᠡᠵᠦ᠂ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠬᠡᠦᠬᠡᠳ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠲᠤᠬᠠᠢ ᠲᠣᠮᠢᠶᠠᠯᠠᠯ ᠢ ᠲᠣᠳᠣᠷᠬᠠᠶᠢᠯᠠᠬᠤ ᠬᠡᠷᠡᠭᠲᠡᠢ      ᠬᠡᠦᠬᠡᠳ ᠠᠵᠢᠯᠴᠢᠨ ᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ︽ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠬᠤ ᠲᠣᠭᠲᠠᠭᠠᠯ︾ ᠤᠨ ᠬᠤᠶᠠᠳᠤᠭᠠᠷ ᠵᠦᠢᠯ ᠳᠤ᠂ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠦ ᠬᠡᠷᠡᠭᠯᠡᠬᠦ ᠶᠢ ᠬᠡᠦᠬᠡᠳ ᠠᠵᠢᠯᠴᠢᠨ ᠬᠡᠷᠡᠭᠯᠡᠭᠰᠡᠨ ᠳᠤ ᠲᠣᠭᠠᠴᠠᠨ᠎ᠠ ᠭᠡᠵᠦ ᠲᠣᠭᠲᠠᠭᠠᠵᠠᠢ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ   ᠶᠢᠨ ᠬᠠᠤᠯᠢ︾ ᠶᠢᠨ ᠲᠠᠪᠢᠨ ᠨᠠᠢᠮᠠᠳᠤᠭᠠᠷ ᠵᠦᠢᠯ ᠳᠤ᠂ ᠨᠠᠰᠤᠨ ᠳᠤ ᠬᠦᠷᠦᠭᠡᠳᠦᠶ ᠠᠵᠢᠯᠴᠢᠨ ᠭᠡᠳᠡᠭ ᠨᠢ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠥᠳᠡᠯᠮᠦᠷᠢᠴᠢᠨ ᠢ ᠵᠢᠭᠠᠵᠤ ᠪᠠᠶᠢᠨ᠎ᠠ᠂ ᠤᠯᠤᠰ ᠠᠴᠠ ᠨᠠᠰᠤᠨ ᠳᠤ ᠬᠦᠷᠦᠭᠡᠳᠦᠶ ᠠᠵᠢᠯᠴᠢᠨ ᠳᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠬᠡᠷᠡᠭᠵᠢᠭᠦᠯᠦᠨ᠎ᠡ ᠭᠡᠵᠦ ᠲᠣᠭᠲᠠᠭᠠᠵᠠᠢ᠃      ᠬᠤᠶᠠᠷ᠂ ᠴᠠᠭᠠᠵᠠᠯᠠᠬᠤ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ      ⒈ ᠣᠯᠤᠰ ᠤᠨ ᠠᠯᠪᠠᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠥᠳᠡᠯᠮᠦᠷᠢᠴᠢᠨ ᠢ ᠡᠯᠰᠡᠬᠦ ᠳᠡᠭᠡᠨ ᠲᠡᠭᠦᠨ ᠤ ᠬᠤᠪᠢ ᠪᠡᠶ᠎ᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠬᠡᠷᠡᠭᠲᠡᠢ᠂ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠢ ᠡᠯᠰᠡᠨ ᠬᠡᠷᠡᠭᠯᠡᠵᠦ ᠪᠣᠯᠬᠤ ᠦᠭᠡᠢ᠃      ⒉ ᠶᠠᠮᠠᠷᠪᠠ ᠨᠢᠭᠡᠴᠢ ᠪᠤᠶᠤ ᠬᠤᠪᠢ ᠬᠥᠮᠥᠨ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠥ ᠬᠦᠷᠦᠭᠰᠡᠦᠠ ᠲᠤ ᠠᠵᠢᠯ ᠲᠠᠨᠢᠯᠴᠠᠭᠤᠯᠤᠨ ᠥᠭᠴᠦ ᠪᠣᠯᠬᠤ ᠦᠭᠡᠢ᠃      ⒊ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠥ ᠬᠦᠷᠦᠭᠰᠡᠦᠠ ᠤᠨ ᠬᠤᠪᠢ ᠶᠢᠨ ᠡᠵᠡᠩᠨᠡᠯᠲᠡ ᠶᠢᠨ ᠠᠵᠢᠯᠯᠠᠭ᠎ᠠ ᠪᠠᠨ ᠡᠬᠢᠯᠡᠭᠦᠯᠬᠦ ᠶᠢ ᠵᠥᠪᠰᠢᠶᠡᠷᠡᠵᠦ ᠪᠣᠯᠬᠤ ᠦᠭᠡᠢ᠃      ⒋ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠤ ᠬᠥᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠬᠠᠮᠠᠭᠠᠯᠠᠵᠤ᠂ ᠲᠡᠳᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠡᠷᠬᠡ ᠶᠢ ᠪᠠᠲᠤᠯᠠᠬᠤ ᠬᠡᠷᠡᠭᠲᠡᠢ᠂ ᠬᠥᠮᠥᠨ ᠬᠡᠷᠡᠭᠯᠡᠬᠦ ᠨᠢᠭᠡᠴᠢ ᠳᠤ ᠬᠠᠤᠯᠢ ᠪᠤᠰᠤ ᠪᠠᠷ ᠡᠯᠰᠡᠭᠳᠡᠨ ᠬᠡᠷᠡᠭᠯᠡᠭᠳᠡᠬᠦ ᠶᠢ ᠵᠥᠪᠰᠢᠶᠡᠷᠡᠵᠦ ᠪᠣᠯᠬᠤ ᠦᠭᠡᠢ᠃      ⒌ᠡᠵᠡᠩᠨᠡᠯᠲᠡ ᠶᠢᠨ ᠴᠢᠨᠠᠷᠲᠠᠢ ᠵᠤᠭ᠎ᠠ ᠴᠡᠩᠭᠡᠯ ᠤᠨ ᠭᠠᠵᠠᠷ᠂ ᠠᠷᠢᠬᠢᠨ ᠮᠤᠬᠤᠯᠠᠭ᠂ ᠢᠨᠲ᠋ᠧᠷ ᠰᠦᠯᠵᠢᠶᠡᠨ ᠤ ᠪᠠᠭᠠᠷ ᠲᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠵᠡᠷᠭᠡ ᠨᠠᠰᠤᠨ ᠳᠤ ᠦᠯᠤ ᠬᠥᠷᠦᠭᠰᠡᠳ ᠤᠨ ᠠᠵᠢᠯᠯᠠᠭ᠎ᠠ ᠬᠢᠬᠦ ᠳᠤ ᠲᠣᠬᠢᠷᠠᠬᠤ ᠦᠭᠡᠢ ᠲᠠᠯᠠᠪᠤᠷ ᠲᠤ ᠨᠢᠭᠡᠨᠲᠡ ᠪᠦᠬᠦᠯᠢ ᠠᠷᠪᠠᠨ ᠵᠢᠷᠭᠤᠭᠠᠨ ᠨᠠᠰᠤ ᠬᠥᠷᠦᠭᠰᠡᠨ ᠨᠠᠰᠤᠨ ᠳᠤ ᠦᠯᠤ ᠬᠥᠷᠦᠭᠰᠡᠳ ᠢ ᠡᠯᠰᠡᠨ ᠬᠡᠷᠡᠭᠯᠡᠵᠦ ᠪᠣᠯᠬᠤ ᠦᠭᠡᠢ᠃      ᠭᠤᠷᠪᠠ᠂ ᠨᠠᠰᠤᠨ ᠳᠤ ᠦᠯᠦ ᠬᠦᠷᠦᠭᠰᠡᠦᠠ ᠢ ᠡᠯᠰᠡᠵᠦ ᠬᠡᠷᠡᠭᠯᠡᠪᠡᠯ ᠡᠭᠦᠷᠭᠡᠯᠡᠬᠦ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ     ⒈ ᠬᠥᠮᠥᠨ ᠬᠡᠷᠡᠭᠯᠡᠬᠦ ᠨᠢᠭᠡᠴᠢ ᠬᠡᠦᠬᠡᠳ ᠠᠵᠢᠯᠴᠢᠨ ᠬᠡᠷᠡᠭᠯᠡᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡ ᠬᠡᠦᠬᠡᠳ ᠠᠵᠢᠯᠴᠢᠨ ᠬᠡᠷᠡᠭᠯᠡᠬᠦ ᠪᠦᠷᠢ ᠰᠠᠷ᠎ᠠ ᠪᠦᠷᠢ 5000 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷᠢᠮᠵᠢᠶ᠎ᠠ ᠪᠠᠷ ᠰᠢᠢᠳᠬᠡᠨ᠎ᠡ︔ᠡᠭᠦᠨ ᠤ ᠬᠠᠮᠲᠤ ᠬᠥᠮᠥᠨ ᠬᠡᠷᠡᠭᠯᠡᠬᠦ ᠨᠢᠭᠡᠴᠢ ᠶᠢ ᠵᠠᠷᠯᠢᠭᠳᠠᠵᠤ ᠲᠣᠭᠲᠠᠭᠰᠠᠨ ᠬᠤᠭᠤᠴᠠᠭᠠᠨ ᠳᠤ ᠬᠡᠦᠬᠡᠳ ᠠᠵᠢᠯᠴᠢᠨ ᠢ ᠤᠤᠯ ᠤᠨ ᠰᠠᠭᠤᠵᠤ ᠪᠠᠶᠢᠭᠰᠠᠨ ᠭᠠᠵᠠᠷ ᠲᠤᠨᠢ ᠬᠦᠷᠭᠡᠵᠦ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠳᠤᠨᠢ ᠲᠤᠰᠢᠶᠠᠯᠭᠠᠨ᠎ᠠ᠂ ᠬᠡᠷᠡᠭᠰᠡᠬᠦ ᠵᠠᠮ ᠬᠠᠷᠢᠯᠴᠠᠭ᠎ᠠ ᠪᠠ ᠬᠤᠭᠤᠯᠠ ᠬᠤᠨᠤᠭ ᠤᠨ ᠵᠠᠷᠤᠳᠠᠯ ᠢ ᠪᠥᠬᠦᠳᠡ ᠶᠢ ᠬᠥᠮᠥᠨ ᠬᠡᠷᠡᠭᠯᠡᠬᠦ ᠨᠢᠭᠡᠴᠢ ᠠᠴᠠ ᠡᠭᠦᠷᠭᠡᠯᠡᠨ᠎ᠡ᠃      ⒉ᠨᠢᠭᠡᠴᠢ ᠪᠤᠶᠤ ᠬᠤᠪᠢ ᠬᠥᠮᠥᠨ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠲᠤ ᠠᠵᠢᠯ ᠲᠠᠨᠢᠯᠴᠠᠭᠤᠯᠵᠤ ᠥᠭᠭᠦᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠢᠭᠡ ᠬᠥᠮᠥᠨ ᠢ ᠲᠠᠨᠢᠯᠴᠠᠭᠤᠯᠬᠤ ᠪᠦᠷᠢ ᠳᠤ 5000 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷᠢᠮᠵᠢᠶ᠎ᠠ ᠪᠠᠷ ᠰᠢᠳᠬᠡᠨ᠎ᠡ︔ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠲᠤ ᠠᠵᠢᠯ ᠲᠠᠨᠢᠯᠴᠠᠭᠤᠯᠵᠤ ᠥᠭᠭᠦᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠡᠭᠦᠨ ᠤ ᠠᠵᠢᠯ ᠮᠡᠷᠭᠡᠵᠢᠯ ᠲᠠᠨᠢᠯᠴᠠᠭᠤᠯᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃     ⒊ᠵᠤᠭ᠎ᠠ ᠴᠡᠩᠭᠡᠯ ᠤᠨ ᠭᠠᠵᠠᠷ ᠲᠤ ᠨᠠᠰᠤᠨ ᠳᠤ ᠥᠯᠥ ᠬᠦᠷᠦᠭᠰᠡᠳ ᠢ ᠡᠯᠰᠡᠵᠦ ᠬᠡᠷᠡᠭᠯᠡᠭᠰᠡᠨ ᠪᠠᠶᠢᠪᠠᠯ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ ᠨᠢᠭᠡ ᠨᠠᠰᠤᠨ ᠳᠤ ᠥᠯᠥ ᠬᠦᠷᠦᠭᠰᠡᠳ ᠢ ᠡᠯᠰᠡᠵᠦ ᠬᠡᠷᠡᠭᠯᠡᠬᠦ ᠪᠦᠷᠢ ᠳᠤ ᠰᠠᠷ᠎ᠠ ᠪᠦᠷᠢ 5000 ᠲᠥᠭᠦᠷᠢᠭ ᠤᠨ ᠵᠣᠭᠤᠰ ᠢᠶᠠᠷ ᠲᠣᠷᠭᠠᠬᠤ ᠪᠠᠷᠢᠮᠵᠢᠶ᠎ᠠ ᠪᠠᠷ ᠰᠢᠢᠳᠬᠡᠨ᠎ᠡ᠃     ⒋ᠬᠥᠮᠥᠨ ᠬᠡᠷᠡᠭᠯᠡᠬᠦ ᠨᠢᠭᠡᠴᠢ ᠠᠴᠠ ᠨᠠᠰᠤᠨ ᠳᠤ ᠬᠦᠷᠦᠭᠡᠳᠦᠶ ᠠᠵᠢᠯᠴᠢᠨ ᠢ ᠠᠭᠤᠷᠬᠠᠢ ᠶᠢᠨ ᠬᠤᠳᠳᠤᠭ ᠳᠣᠲᠣᠷ᠎ᠠ ᠠᠵᠢᠯᠯᠠᠭᠤᠯᠬᠤ᠂ ᠬᠤᠣᠷ ᠬᠥᠨᠥᠭᠡᠯ ᠲᠠᠢ᠂ ᠤᠯᠤᠰ ᠠᠴᠠ ᠲᠣᠭᠲᠠᠭᠠᠭᠰᠠᠨ ᠳᠥᠷᠪᠡᠳᠦᠭᠡᠷ ᠳᠡᠰ ᠤᠨ ᠪᠡᠶ᠎ᠡ ᠶᠢᠨ ᠬᠥᠳᠡᠯᠮᠦᠷᠢ ᠶᠢᠨ ᠡᠷᠴᠢᠮ ᠤᠨ ᠬᠥᠳᠡᠯᠮᠦᠷᠢ ᠪᠤᠶᠤ ᠪᠤᠰᠤᠳ ᠴᠡᠭᠡᠷ ᠲᠠᠢ ᠬᠥᠳᠡᠯᠮᠦᠷᠢ ᠬᠢᠯᠭᠡᠬᠦ ᠪᠠᠷ ᠲᠣᠬᠢᠷᠠᠭᠤᠯᠤᠭᠰᠠᠨ ᠪᠣᠯᠪᠠᠴᠤ ᠨᠠᠰᠤᠨ ᠳᠤ ᠬᠦᠷᠦᠭᠡᠳᠦᠶ ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠭᠰᠡᠨ ᠦᠭᠡᠢ ᠪᠠᠶᠢᠪᠠᠯ᠂ ᠬᠤᠬᠢᠷᠠᠯ ᠠᠮᠰᠠᠭᠰᠠᠨ ᠬᠥᠳᠡᠯᠮᠦᠷᠢᠴᠢᠨ ᠪᠦᠷᠢ 1000 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ ᠪᠠᠷᠢᠮᠵᠢᠶ᠎ᠠ ᠪᠠᠷ ᠪᠤᠳᠤᠵᠤ ᠵᠣᠭᠤᠰ ᠢᠶᠠᠷ ᠲᠣᠷᠭᠠᠨ᠎ᠠ᠃     ⒌ ᠡᠵᠡᠩᠨᠡᠯᠲᠡ ᠶᠢᠨ ᠦᠨᠡᠮᠯᠡᠯ ᠦᠭᠡᠢ᠂ ᠬᠠᠤᠯᠢ ᠶᠣᠰᠣᠭᠠᠷ ᠡᠵᠡᠩᠨᠡᠯᠲᠡ ᠶᠢᠨ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠨᠢᠭᠡᠴᠢ ᠵᠢᠴᠢ ᠬᠠᠤᠯᠢ ᠶᠣᠰᠣᠭᠠᠷ ᠪᠦᠷᠢᠳᠬᠡᠭᠦᠯᠵᠦ ᠳᠠᠩᠰᠠᠯᠠᠭᠤᠯᠤᠭᠰᠠᠨ ᠦᠭᠡᠢ ᠨᠢᠭᠡᠴᠢ ᠬᠡᠦᠬᠡᠳ ᠠᠵᠢᠯᠴᠢᠨ ᠢ ᠬᠡᠷᠡᠭᠯᠡᠭᠰᠡᠨ ᠪᠤᠶᠤ ᠬᠡᠦᠬᠡᠳ ᠠᠵᠢᠯᠴᠢᠨ ᠢ ᠲᠠᠨᠢᠯᠴᠠᠭᠤᠯᠵᠤ ᠠᠵᠢᠯ ᠣᠯᠭᠤᠭᠰᠠᠨ ᠪᠠᠶᠢᠪᠠᠯ᠂ ︽ᠬᠡᠦᠬᠡᠳ ᠠᠵᠢᠯᠴᠢᠨ ᠬᠡᠷᠡᠭᠯᠡᠬᠦ  ᠶᠢ ᠴᠠᠭᠠᠵᠠᠯᠠᠬᠤ ᠲᠣᠭᠲᠠᠭᠠᠯ︾ ᠤᠨ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠨᠠᠢᠮᠠᠳᠤᠭᠠᠷ ᠵᠦᠢᠯ ᠳᠤ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠨᠢᠭᠡ ᠳᠠᠬᠢᠨ ᠨᠡᠮᠡᠵᠦ ᠵᠣᠭᠤᠰ ᠢᠶᠠᠷ ᠲᠣᠷᠭᠠᠨ᠎ᠠ᠂ ᠲᠤᠰ ᠬᠠᠤᠯᠢ ᠪᠤᠰᠤ ᠨᠢᠭᠡᠴᠢ  ᠶᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠴᠠᠭᠠᠵᠠᠯᠠᠨ᠎ᠠ᠃    ⒍ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠬᠤ ᠲᠣᠭᠲᠠᠭᠠᠯ ᠢ ᠵᠥᠷᠢᠴᠡᠭᠰᠡᠨ᠂ ᠨᠠᠰᠤᠨ ᠳᠤ ᠬᠦᠷᠦᠭᠡᠳᠦᠢ ᠠᠵᠢᠯᠴᠢᠨ ᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠣᠭᠲᠠᠭᠠᠯ ᠢ ᠵᠥᠷᠢᠴᠡᠭᠰᠡᠨ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠬᠥᠮᠥᠨ ᠢ ᠨᠢ ᠭᠤᠷᠪᠠᠨ ᠵᠢᠯ ᠠᠴᠠ ᠳᠣᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ︔ ᠤᠢᠢᠯᠠ ᠪᠠᠶᠢᠳᠠᠯ ᠨᠢ ᠣᠨᠴᠠᠭᠠᠶ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠷᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠭᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠡᠭᠦᠨ ᠤ ᠬᠠᠮᠲᠤ ᠬᠠᠤᠯᠢ ᠠᠴᠠ ᠵᠥᠷᠢᠴᠡᠭᠰᠡᠨ ᠪᠡᠶᠡᠴᠢ ᠴᠣᠭᠴᠠ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ︶᠂ ᠬᠠᠤᠯᠢ ᠠᠴᠠ ᠵᠥᠷᠢᠴᠡᠭᠰᠡᠨ ᠭᠤᠣᠯ ᠪᠣᠳᠠᠲᠤ ᠬᠡᠷᠡᠭ ᠵᠡᠷᠭᠡ ᠮᠡᠳᠡᠭᠡ ᠵᠠᠩᠭᠢ ᠶᠢ ᠡᠯ᠎ᠡ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号