︽ᠠ ᠡ ᠢ︾ ᠣᠷᠴᠢᠨ ᠲᠣᠭᠤᠷᠢᠨ ᠢᠶᠠᠨ ᠬᠠᠮᠠᠭᠠᠯᠠᠬᠤ ᠰᠠᠶᠢᠨ ᠳᠤᠷᠠᠴᠤᠤᠯ ᠤᠨ ᠨᠡᠶᠢᠭᠡᠮᠯᠢᠭ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/15
      ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠶᠢᠴᠤᠳ ᠲᠤ ᠳᠣᠲᠣᠨᠣ ᠦᠢᠯᠡᠴᠢᠯᠡᠭᠡ ᠬᠠᠩᠭᠠᠵᠤ᠂ ᠲᠡᠳᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠷᠭᠦᠯᠵᠢᠯᠡᠨ ᠠᠩᠬᠠᠷᠬᠤ ᠶᠢᠨ ᠲᠥᠯᠦᠭᠡ᠂ 2 ᠰᠠᠷ᠎ᠠ ᠶᠢᠨ 29 ᠤ ᠡᠳᠦᠷ ᠠᠴᠠ 3 ᠰᠠᠷ᠎ᠠ  ᠶᠢᠨ1 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ︽ᠠ ᠡ ᠢ︾ ᠣᠷᠴᠢᠨ ᠲᠣᠭᠤᠷᠢᠨ ᠢᠶᠠᠨ ᠬᠠᠮᠠᠭᠠᠯᠠᠬᠤ ᠰᠠᠶᠢᠨ ᠳᠤᠷᠠᠴᠤᠤᠯ ᠤᠨ ᠨᠡᠶᠢᠭᠡᠮᠯᠢᠭ ᠠᠴᠠ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ       ︽ᠠᠯᠪᠠᠨ ᠵᠢᠷᠤᠮ ᠤᠨ ᠡᠮᠴᠢᠯᠡᠭᠡ᠂ ᠠᠯᠪᠠᠨ ᠵᠢᠷᠤᠮ ᠢᠶᠠᠷ ᠭᠡᠵᠢᠭᠡ ᠵᠠᠰᠠᠬᠤ︾ ᠦᠢᠯᠡᠴᠢᠯᠡᠭᠡᠨ ᠤ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃      ᠠᠵᠢᠯᠯᠠᠭᠠᠨ ᠤ ᠲᠤᠬᠠᠢ ᠶᠢᠨ ᠲᠠᠯᠠᠪᠤᠷ ᠲᠤ᠂ ᠬᠤᠰᠢᠭᠤ ᠮᠣᠩᠭᠤᠯ ᠡᠮᠨᠡᠯᠭᠡ ᠵᠨ ᠬᠤᠷᠢᠶᠠᠨ ᠤ ᠡᠮᠴᠢ ᠰᠤᠪᠢᠯᠠᠭᠴᠢᠳ ᠠᠯᠪᠠᠨ ᠵᠢᠷᠤᠮ ᠤᠨ ᠡᠮᠴᠢᠯᠡᠭᠡ ᠪᠠ ᠪᠡᠶ᠎ᠡ ᠰᠤᠪᠢᠯᠠᠯᠲᠠ ᠶᠢᠨ ᠡᠷᠡᠭᠦᠯ ᠮᠡᠨᠳᠦ ᠶᠢᠨ ᠲᠠᠶᠢᠯᠤᠮᠵᠢ      ᠬᠢᠵᠦ᠂ ᠨᠠᠰᠤᠲᠠᠶᠢᠴᠦᠳ ᠤᠨ ᠴᠢᠰᠤᠨ ᠳᠠᠷᠤᠯᠲᠠ ᠶᠢ ᠨᠢ ᠦᠨ᠎ᠡ ᠲᠥᠯᠥᠪᠦᠷᠢ ᠦᠭᠡᠢ ᠪᠠᠷ ᠬᠡᠮᠵᠢᠵᠦ ᠥᠭᠭᠦᠨ᠂ ᠪᠡᠶ᠎ᠡ ᠶᠢ ᠨᠢ ᠪᠠᠶᠢᠴᠠᠭᠠᠵᠦ᠂ ᠬᠥᠮᠥᠨ ᠪᠦᠷᠢ ᠶᠢᠨ ᠡᠷᠡᠭᠦᠯ ᠴᠢᠭᠢᠷᠠᠭ ᠤᠨ ᠪᠠᠶᠢᠳᠠᠯ ᠳᠤ ᠴᠢᠭᠯᠡᠭᠦᠯᠦᠨ ᠰᠠᠨᠠᠭᠤᠯᠭ᠎ᠠ ᠳᠤᠷᠠᠳᠤᠨ᠂ ᠢᠳᠡᠭᠡᠨ ᠤᠮᠳᠠᠭᠠᠨ ᠪᠠ ᠬᠥᠳᠡᠯᠭᠡᠭᠡᠨ ᠤ ᠲᠠᠯ᠎ᠠ ᠪᠠᠷ ᠵᠢᠭᠠᠨ ᠵᠢᠯᠤᠭᠤᠳᠴᠦ᠂ ᠨᠠᠰᠤᠲᠠᠶᠢᠴᠤᠳ ᠤᠨ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ᠂ ᠴᠢᠰᠤᠨ ᠤ ᠥᠭᠡᠬᠦ ᠥᠨᠳᠥᠷ᠂ ᠲᠠᠷᠢᠬᠢ ᠴᠢᠰᠤᠨ ᠰᠤᠳᠠᠯ ᠤᠨ ᠡᠪᠡᠳᠴᠢᠨ ᠤ ᠠᠷᠬᠠᠭ ᠭᠡᠮ ᠵᠡᠷᠭᠡ ᠣᠯᠠᠨ ᠡᠭᠦᠰᠴᠦ ᠮᠡᠳᠡᠬᠦ ᠡᠪᠡᠳᠴᠢᠨ ᠢ ᠨᠢᠭᠡᠳ ᠨᠢᠭᠡ ᠪᠠᠷ ᠨᠠᠷᠢᠨ ᠲᠠᠶᠢᠯᠪᠤᠷᠢᠯᠠᠵᠤ᠂ ᠵᠠᠷᠢᠮ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠯᠡᠵᠦ ᠥᠭᠭᠦᠨ᠂ ᠨᠠᠰᠤᠲᠠᠶᠢᠴᠤᠳ ᠲᠤ ᠬᠠᠮᠤᠭ ᠤᠨ ᠲᠤᠯᠭᠠᠮ᠎ᠠ ᠱᠠᠭᠠᠷᠳᠠᠭᠳᠠᠬᠤ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ  ᠶᠢ ᠦᠨᠡᠨ ᠬᠦ ᠰᠢᠢᠳᠪᠦᠷᠢᠯᠡᠭᠰᠡᠨ ᠪᠠᠶᠢᠨ᠎ᠠ᠃      ᠡᠭᠦᠨ ᠤ ᠬᠠᠮᠲᠦ ᠰᠠᠶᠢᠨ ᠳᠤᠷᠠᠴᠤᠳ ᠨᠠᠰᠤᠲᠠᠶᠢᠴᠦᠳ ᠤᠨ ᠰᠠᠨᠠᠭ᠎ᠠ ᠪᠤᠳᠤᠯ ᠳᠤᠨᠢ ᠳᠠᠭᠠᠷᠠᠭᠤᠯᠤᠨ ᠦᠰᠦ ᠭᠡᠵᠢᠭᠡ ᠶᠢ ᠨᠢ ᠵᠠᠰᠠᠵᠤ ᠥᠭᠭᠦᠨ ᠬᠢᠨᠠᠮᠠᠭᠠᠢ ᠦᠢᠯᠡᠴᠢᠯᠡᠵᠦ ᠪᠠᠶᠢᠯ᠎ᠠ᠂ ᠨᠠᠰᠤᠲᠠᠶᠢᠴᠦᠳ ᠴᠦ  ᠮᠠᠰᠢ ᠬᠠᠨᠤᠮᠵᠢᠲᠠᠢ ᠪᠠᠶᠢᠵᠤ᠂ ᠴᠢᠷᠠᠢ ᠳᠤᠨᠢ ᠢᠨᠢᠶᠡᠮᠰᠦᠭᠯᠡᠯ  ᠲᠣᠳᠣᠷᠠᠨ᠎ᠠ᠃      ᠲᠣᠰ ᠤᠳᠠᠭᠠᠨ ᠤ ᠠᠵᠢᠯᠯᠠᠭ᠎ᠠ ᠳᠤ 70 ᠭᠠᠷᠤᠢ ᠨᠠᠰᠤᠲᠠᠨ ᠳᠤ ᠰᠢᠯᠢᠳᠡᠭ ᠦᠢᠯᠡᠴᠢᠯᠡᠭᠡ ᠪᠠ ᠲᠥᠬᠦᠮ ᠨᠥᠬᠦᠴᠡᠯ ᠢ ᠬᠠᠩᠭᠠᠵᠤ ᠥᠭᠭᠦᠨ᠂ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠡᠨᠡ ᠬᠦ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠬᠦᠷᠲᠡᠭᠡᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号