ᠮᠠᠨ ᠤ ᠬᠤᠰᠢᠭᠤᠨ ᠤ ᠲᠦᠯ ᠲᠣᠰᠴᠦ ᠪᠣᠶᠢᠵᠢᠭᠤᠯᠬᠤ ᠠᠵᠢᠯ ᠡᠷᠴᠢᠮᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/3/15
      2 ᠰᠠᠷ᠎ᠠ ᠶᠢᠨ 28   ᠤ ᠡᠳᠦᠷ᠂ ᠰᠤᠷᠪᠤᠯᠵᠢᠯᠠᠭᠴᠢ ᠠᠯᠲᠠᠨᠬᠢᠯᠢ ᠰᠤᠮᠤᠨ ᠤ ᠪᠠᠳᠠᠷᠠᠬᠤ ᠭᠠᠴᠠᠭᠠᠨ ᠤ ᠨᠡᠷᠡᠡᠭᠡᠷᠡᠯ ᠤᠨ ᠬᠢᠨ ᠳᠤ ᠬᠦᠷᠬᠦ ᠳᠤ ᠳᠡᠷᠡ ᠦᠭᠡᠷ ᠤᠨ ᠲᠦᠯ ᠳᠣᠰᠣᠭᠠᠳ ᠶᠠᠭᠠᠷᠠᠤᠬᠠᠨ ᠪᠠᠶᠢᠯ᠎ᠠ᠃ ᠡᠳᠡᠨᠡᠶᠢᠬᠢᠨ 1 ᠰᠠᠷ᠎ᠠ ᠶᠢᠨ ᠡᠬᠢ ᠪᠠᠷ ᠲᠦᠯ ᠲᠣᠰᠴᠦ ᠡᠬᠢᠯᠡᠨ ᠣᠳᠣ ᠭᠤᠴᠢᠭᠠᠳ ᠲᠤᠭᠤᠯ ᠳᠣᠰᠴᠤ᠂ 5 ᠰᠠᠷ᠎ᠠ ᠶᠢᠨ ᠡᠬᠢ  ᠪᠣᠯᠳᠠᠯ᠎ᠠ ᠨᠡᠶᠢᠳᠡ ᠵᠢᠷᠠᠭᠠᠳ ᠲᠤᠭᠤᠯ ᠳᠣᠰᠬᠤ ᠶᠤᠮ ᠪᠠᠶᠢᠨ᠎ᠠ᠃  
     ※ ᠰᠣᠷᠪᠣᠯᠵᠢᠯᠠᠭ᠎ᠠ᠄  ᠮᠠᠯᠴᠢᠨ ᠨᠠᠷᠠᠨᠭᠡᠷᠡᠯ      ᠠᠯᠲᠠᠨᠬᠢᠯᠢ ᠰᠤᠮᠤᠨ ᠤ ᠠᠯᠲᠠᠨᠬᠢᠯᠢ ᠭᠠᠴᠠᠭᠠᠨ ᠤ ᠮᠠᠯᠴᠢᠨ ᠦᠯᠵᠡᠶᠢᠮᠡᠨᠳᠦ ᠤᠨ ᠬᠢᠨ ᠴᠦ ᠬᠠᠪᠣᠷ ᠡᠷᠳᠡ ᠶᠢᠨ ᠲᠦᠯ   ᠢᠶᠠᠨ ᠮᠡᠨᠳᠦ ᠰᠠᠶᠢᠬᠠᠨ ᠲᠣᠰᠴᠦ ᠪᠤᠶᠢᠵᠢᠭᠤᠯᠬᠤ ᠪᠠᠷ ᠶᠠᠳᠠᠷᠠᠯ ᠵᠦᠳᠡᠷᠡᠯ ᠢ ᠤᠮᠠᠷᠲᠠᠨ ᠶᠠᠭᠠᠷᠠᠵᠤ ᠪᠠᠶᠢᠯ᠎ᠠ᠃ ᠡᠳᠡᠨᠡᠶᠢᠬᠢᠨ ᠠᠩᠬ᠎ᠠ ᠣᠳᠠᠭ᠎ᠠ ᠡᠷᠳᠡ ᠶᠢᠨ ᠲᠦᠯ ᠳᠣᠰᠴᠤ  ᠪᠠᠶᠢᠭ᠎ᠠ ᠴᠦ ᠬᠠᠰᠢᠷ ᠮᠠᠯᠴᠢᠨ ᠤ ᠲᠤᠷᠰᠢᠯᠭ᠎ᠠ ᠪᠠᠷ ᠡᠪᠤᠯ ᠢ ᠦᠩᠭᠡ ᠲᠠᠢ ᠳᠣᠭᠤᠯᠵᠤ ᠣᠷᠢᠨ ᠬᠠᠪᠣᠷ ᠢ ᠣᠭᠳᠣᠨ᠂ ᠰᠢᠨ᠎ᠡ ᠶᠢᠨ ᠳᠠᠪᠣᠨ ᠠᠴᠠ ᠡᠬᠢᠯᠡᠨ ᠵᠠᠭᠤ ᠭᠠᠷᠤᠢ ᠲᠦᠯ ᠢᠶᠠᠨ ᠮᠡᠨᠳᠦ ᠳᠣᠰᠴᠠᠢ  ᠃
      ※  ᠰᠣᠷᠪᠣᠯᠵᠢᠯᠠᠭ᠎ᠠ᠄ ᠮᠠᠯᠴᠢᠨ  ᠥᠯᠵᠢᠢᠮᠡᠨᠳᠦ      ᠣᠶᠢᠯᠭᠠᠭᠰᠠᠨ ᠢᠶᠠᠷ᠂ ᠠᠯᠲᠠᠨᠬᠢᠯᠢ ᠰᠣᠮᠣ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠮᠠᠯᠴᠢᠳ ᠤᠨ ᠮᠠᠯ ᠠᠵᠤ ᠠᠬᠤᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠬᠦ ᠬᠦᠴᠦ ᠪᠠᠷ ᠢᠶᠠᠨ ᠪᠠᠲᠤᠯᠠᠵᠤ ᠪᠠᠶᠢᠨ᠎ᠠ᠃
     ※  ᠰᠣᠷᠪᠣᠯᠵᠢᠯᠠᠭ᠎ᠠ᠄ ᠠᠯᠲᠠᠨᠬᠢᠯᠢ ᠰᠤᠮᠤ ᠶᠢᠨ ᠳᠡᠳ᠋ ᠳᠠᠷᠤᠭ᠎ᠠ ᠡᠨᠡᠷᠢᠯ      ᠣᠶᠢᠷ᠎ᠠ ᠶᠢᠨ ᠵᠢᠯ ᠳᠤ᠂ ᠮᠠᠨ ᠤ ᠬᠤᠰᠢᠭᠤ ᠨᠢ ᠶᠠᠰᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ     ᠨᠡᠮᠡᠭᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠬᠡᠯᠬᠢᠶ᠎ᠡ ᠶᠢ ᠤᠷᠲᠤᠳᠬᠠᠬᠤ ᠶᠢ      ᠪᠠᠷᠢᠮᠲᠠᠯᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠣ᠂ ︿︿3 + 2﹀﹀ ᠮᠠᠯ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠦᠷᠭᠦᠯᠵᠢᠯᠡᠨ ᠪᠠᠬᠢᠵᠢᠭᠦᠯᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号