ᠰᠠᠮᠠᠢ ᠰᠤᠮᠤᠨ ᠤ ᠮᠠᠨᠳᠠᠯᠲᠦ ᠭᠠᠴᠠᠭ᠎ᠠ ᠮᠠᠯᠴᠢᠳ ᠤᠨ ᠢᠶᠠᠨ ᠡᠪᠡᠰᠦ ᠲᠡᠵᠢᠭᠡᠯ ᠳᠤᠲᠠᠭᠳᠠᠬᠤ ᠠᠰᠠᠭᠤᠳᠠᠯ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/3/15
      ᠡᠪᠡᠰᠦ ᠪᠣᠷᠳᠤᠭ᠎ᠠ ᠭᠦᠢᠴᠡᠳ ᠪᠠᠶᠢᠬᠤ ᠪᠣᠯ ᠮᠠᠯᠴᠢᠨ ᠲᠦᠮᠡᠨ ᠤ ᠡᠪᠦᠯ ᠬᠠᠪᠤᠷ ᠢ ᠥᠩᠭᠡᠷᠡᠭᠦᠯᠬᠦ  ᠴᠢᠬᠤᠯᠠ ᠪᠠᠲᠤᠯᠠᠭ᠎ᠠ ᠪᠣᠯᠣᠨ᠎ᠠ᠃ ᠡᠨᠡ ᠵᠢᠯ ᠤᠨ ᠴᠠᠰᠤᠨ ᠤ ᠪᠠᠶᠢᠳᠠᠯ ᠤᠨ ᠨᠥᠯᠥᠭᠡ ᠪᠣᠯᠣᠨ ᠡᠪᠡᠰᠦ ᠪᠤᠷᠳᠤᠭᠠᠨ ᠤ ᠦᠨ᠎ᠡ ᠬᠠᠩᠰᠢ ᠥᠨᠳᠥᠷ ᠪᠠᠶᠢᠭ᠎ᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠯᠴᠢᠨ ᠲᠦᠮᠡᠨ ᠤ ᠪᠠᠴᠢᠮ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠤᠯᠠᠨ ᠲᠦᠮᠡᠨ ᠤ ᠬᠠᠪᠤᠷ ᠤᠨ ᠤᠯᠠᠷᠢᠯ ᠤᠨ ᠡᠪᠡᠰᠦ ᠪᠣᠷᠳᠤᠭ᠎ᠠ ᠶᠢᠨ ᠨᠥᠭᠡᠴᠡ ᠶᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 3 ᠤ ᠡᠳᠦᠷ᠂ ᠰᠠᠮᠠᠢ ᠰᠤᠮᠤᠨ ᠤ ᠮᠠᠨᠳᠠᠯᠲᠦ ᠭᠠᠴᠠᠭ᠎ᠠ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠤᠵᠤ᠂ ᠡᠪᠡᠰᠦ ᠲᠦᠭᠡᠭᠡᠨ ᠠᠷᠠᠳ ᠤᠨ ᠰᠡᠳᠬᠢᠯ ᠢ ᠳᠤᠯᠠᠭᠠᠴᠠᠭᠤᠯᠬᠤ ᠤᠳᠬ᠎ᠠ ᠲᠡᠭᠦᠯᠳᠡᠷ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃
     ᠰᠠᠮᠠᠢ ᠰᠤᠮᠤᠨ ᠤ ᠮᠠᠨᠳᠠᠯᠲᠤ ᠭᠠᠴᠠᠭ᠎ᠠ ᠨᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠪᠠᠷ ᠤᠳᠤᠷᠢᠳᠤᠮᠵᠢ ᠪᠣᠯᠭᠠᠵᠤ᠂ 2023 ᠣᠨ ᠳᠤ ᠭᠠᠴᠠᠭᠠᠨ ᠤ ᠪᠠᠨ ᠭᠠᠮᠰᠢᠭ ᠢ ᠡᠰᠡᠷᠭᠦᠴᠡᠬᠦ ᠭᠠᠮᠰᠢᠭ  ᠠᠴᠠ ᠠᠪᠤᠷᠠᠬᠤ ᠡᠪᠡᠰᠦ ᠪᠤᠷᠳᠤᠭ᠎ᠠ ᠨᠦᠭᠡᠴᠡᠯᠡᠬᠦ ᠰᠠᠭᠤᠷᠢᠨ ᠭᠠᠵᠠᠷ ᠲᠤ ᠨᠥᠭᠡᠴᠡᠯᠡᠭᠰᠡᠨ 1500 ᠭᠠᠷᠤᠢ ᠲᠣᠨ ᠡᠪᠡᠰᠦ ᠠᠴᠠ ᠪᠠᠨ ᠮᠠᠯᠴᠢᠨ ᠡᠷᠦᠬᠡ ᠪᠦᠷᠢ ᠳᠤ 10 ᠭᠠᠷᠤᠢ ᠲᠣᠨ ᠡᠪᠡᠰᠦ ᠲᠦᠭᠡᠭᠡᠵᠦ᠂ ᠲᠣᠨ ᠪᠦᠷᠢ ᠨᠢ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ 700 ᠲᠥᠭᠦᠷᠢᠭ ᠳᠣᠣᠷ᠎ᠠ ᠪᠠᠶᠢᠵᠤ᠂ ᠮᠠᠯᠴᠢᠳ ᠲᠤ ᠨᠡᠶᠢᠲᠡ 70 ᠭᠠᠷᠤᠢ ᠲᠦᠮᠡᠨ ᠲᠥᠭᠦᠷᠢᠭ ᠠᠷᠪᠢᠯᠠᠨ ᠥᠭᠴᠦ᠂ ᠲᠡᠳᠡᠨ ᠤ ᠬᠠᠪᠤᠷ ᠤᠨ ᠤᠯᠠᠷᠢᠯ ᠳᠤ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃
     2022 ᠣᠨ ᠳᠤ᠂ ᠰᠠᠮᠠᠢ ᠰᠤᠮᠤᠨ ᠤ ᠮᠠᠨᠳᠠᠯᠲᠤ ᠭᠠᠴᠠᠭ᠎ᠠ ᠳᠡᠭᠡᠳᠦ ᠱᠠᠲᠤᠨ  ᠤ ᠳᠡᠮᠵᠢᠯᠭᠡ᠂  ᠭᠠᠴᠠᠭᠠᠨ  ᠠᠴᠠ ᠪᠡᠯᠡ ᠮᠥᠩᠭᠦ ᠭᠠᠷᠭᠠᠬᠤ᠂ ᠮᠠᠯᠴᠢᠳ ᠪᠡᠯᠡ ᠮᠥᠩᠭᠦ ᠴᠤᠭᠯᠠᠭᠤᠯᠬᠤ ᠠᠷᠭ᠎ᠠ ᠬᠡᠯᠪᠡᠷᠢ ᠪᠠᠷ ᠳᠠᠮᠵᠢᠨ᠂ ᠭᠠᠴᠠᠭᠠᠨ ᠤ ᠪᠠᠨ ᠬᠠᠮᠲᠤ ᠶᠢᠨ ᠨᠤᠲᠤᠭ ᠪᠡᠯᠴᠢᠭᠡᠷ ᠲᠤ ᠶᠡᠷᠦᠩᠬᠡᠢ ᠪᠡᠯᠡ ᠣᠷᠣᠭᠤᠯᠤᠯᠲᠠ ᠨᠢ 150 ᠲᠦᠮᠡᠨ ᠲᠥᠭᠦᠷᠢᠭ ᠤᠨ ᠥᠷᠳᠡᠭ ᠲᠠᠢ 2000 ᠲᠡᠭᠰᠢ ᠳᠥᠷᠪᠡᠯᠵᠢᠨ ᠮᠧᠲᠷ ᠤᠨ ᠡᠪᠡᠰᠦᠨ ᠰᠠᠷᠠᠪᠴᠢ ᠰᠢᠨ᠎ᠡ ᠪᠠᠷ ᠪᠠᠶᠢᠭᠤᠯᠤᠭᠰᠠᠨ ᠨᠢ ᠳᠠᠷᠤᠢ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠡᠪᠡᠰᠦ ᠪᠤᠷᠳᠤᠭ᠎ᠠ ᠨᠦᠭᠡᠴᠡᠯᠡᠬᠦ  ᠰᠠᠭᠤᠷᠢᠨ ᠭᠠᠵᠠᠷ ᠪᠤᠯᠤᠭᠰᠠᠨ ᠪᠠᠶᠢᠨ᠎ᠠ᠃
     ᠰᠠᠮᠠᠢ ᠰᠤᠮᠤᠨ ᠤ ᠮᠠᠨᠳᠠᠯᠲᠤ ᠭᠠᠴᠠᠭᠠᠨ ᠤ ᠡᠨᠡ ᠬᠦ ᠠᠵᠢᠯᠯᠠᠭ᠎ᠠ ᠨᠢ ᠮᠠᠯᠴᠢᠨ ᠲᠦᠮᠡᠨ ᠳᠤ ᠪᠠᠨ ᠬᠢᠮᠳᠠ ᠲᠡᠵᠢᠭᠡᠯ ᠡᠪᠡᠰᠦ ᠬᠦᠷᠭᠡᠵᠦ᠂ ᠠᠵᠤ ᠠᠬᠤᠢ ᠶᠢᠨ ᠳᠠᠷᠤᠭᠠᠰᠤ ᠶᠢ ᠨᠢ ᠬᠦᠩᠭᠡᠯᠡᠭᠰᠡᠨ ᠢᠶᠠᠷ ᠪᠠᠷᠠᠬᠤ ᠦᠭᠡᠢ᠂ ᠪᠠᠰᠠ ᠮᠠᠯᠴᠢᠳ ᠢ ᠬᠠᠪᠰᠤᠷᠤᠨ ᠬᠠᠪᠤᠷ ᠤᠨ ᠤᠯᠠᠷᠢᠯ ᠤᠨ ᠲᠥᠯ ᠲᠤᠰᠬᠤ ᠪᠠ ᠪᠡᠯᠴᠢᠭᠡᠷ ᠰᠡᠷᠭᠦᠭᠡᠬᠦ ᠠᠵᠢᠯ ᠢ ᠤᠷᠤᠭᠰᠢᠲᠠᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠵᠦ  ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠪᠥᠭᠡᠳ ᠡᠮᠬᠢ ᠳᠢᠭᠯᠢᠮ ᠲᠠᠢ ᠬᠥᠭᠵᠢᠬᠦ ᠳᠤ ᠬᠦᠴᠦᠨ ᠨᠡᠮᠡᠷᠢᠯᠡᠭᠰᠡᠨ ᠪᠠᠶᠢᠨ᠎ᠠ᠃    
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号