3 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ | ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ | ᠲᠡᠭᠡᠭᠡᠪᠦᠷᠢ ᠶᠢᠨ ᠵᠠᠮ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠨᠢ ᠮᠥᠨ ᠴᠦ ᠵᠡᠭᠦᠨ ᠬᠠᠲᠠᠪᠴᠢ ᠪᠣᠭᠤᠮᠲᠠ ᠶᠢᠨ | ᠬᠥᠭᠵᠢᠯᠲᠡ ︽ᠲᠦᠷᠭᠡᠨ ᠵᠠᠮ︾ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | 2008 ᠣᠨ ᠠᠴᠠ ᠡᠬᠢᠯᠡᠨ᠂ ᠵᠡᠭᠦᠨ ᠬᠠᠲᠠᠪᠴᠢ ᠪᠣᠭᠤᠮᠲᠠ ᠣᠯᠠᠨ ᠤᠯᠤᠰ ᠤᠨ ᠴᠢᠨᠠᠷᠲᠠᠢ ᠪᠠᠶᠢᠩᠭᠤ | ᠨᠡᠭᠡᠭᠡᠯᠲᠡ ᠬᠢᠬᠦ ᠶᠢ ᠵᠢᠩᠬᠢᠨᠢ ᠪᠠᠷ ᠪᠡᠶᠡᠯᠡᠭᠦᠯᠵᠦ᠂ ᠥᠪᠥᠷ ᠮᠣᠩᠭᠤᠯ ᠤᠨ ᠭᠤᠷᠪᠠᠳᠤᠭᠠᠷ ᠶᠡᠭᠡ ᠣᠯᠠᠨ ᠤᠯᠤᠰ ᠤᠨ | ᠴᠢᠨᠠᠷᠲᠠᠢ ᠪᠠᠶᠢᠩᠭᠤ ᠨᠡᠭᠡᠭᠡᠯᠲᠡ ᠬᠢᠬᠦ ᠬᠠᠭᠤᠷᠠᠢ ᠵᠠᠮ ᠤᠨ ᠪᠣᠭᠤᠮᠲᠠ ᠪᠣᠯᠵᠤ᠂ 2023 ᠣᠨ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠪᠣᠭᠤᠮᠲᠠ ᠳᠤ | ᠵᠢᠭᠰᠠᠭᠠᠭᠳᠠᠪᠠ᠃ 2023 ᠣᠨ ᠳᠤ ᠵᠡᠭᠦᠨ ᠬᠠᠲᠠᠪᠴᠢ ᠪᠣᠭᠤᠮᠲᠠ ᠶᠢᠨ ᠪᠦᠬᠦ ᠵᠢᠯ ᠤᠨ ᠪᠠᠷᠠᠭᠠᠨ ᠤ ᠬᠡᠮᠵᠢᠶ᠎ᠡ | 270 ᠲᠦᠮᠡᠨ ᠲᠣᠨ ᠢ ᠳᠠᠪᠠᠵᠤ᠂ ᠲᠡᠦᠬᠡ ᠶᠢᠨ ᠬᠠᠮᠤᠭ ᠤᠨ ᠥᠨᠳᠥᠷ ᠬᠡᠮᠵᠢᠭᠳᠡᠯ ᠲᠠᠢ ᠬᠠᠷᠢᠴᠠᠭᠤᠯᠪᠠᠯ 77.6% | ᠪᠠᠷ ᠨᠡᠮᠡᠭᠳᠡᠪᠡ᠃ | ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠡᠬᠢᠯᠡᠵᠦ ᠬᠡᠷᠡᠭᠯᠡᠭᠰᠡᠨ ᠤ ᠳᠠᠷᠠᠭ᠎ᠠ᠂ | ᠠᠶᠠᠨᠴᠢᠳ ᠪᠠ ᠪᠠᠷᠠᠭᠠᠨ ᠤ ᠵᠦᠢᠯ ᠢ ᠰᠠᠯᠭᠠᠨ ᠲᠠᠰ ᠳᠡᠪᠰᠢᠭᠦᠯᠬᠦ ᠪᠠ ᠪᠥᠬᠦ ᠲᠠᠯ᠎ᠠ ᠪᠠᠷ ᠣᠶᠤᠨᠴᠢ ᠪᠠᠷ | ᠪᠣᠭᠤᠮᠲᠠ ᠪᠠᠷ ᠥᠩᠭᠡᠷᠡᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠦᠷ᠎ᠡ ᠪᠦᠲᠦᠮᠵᠢ ᠶᠢ | ᠶᠡᠭᠡ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠳᠠᠬᠢᠨ ᠢᠶᠠᠷ ᠨᠡᠮᠡᠭᠳᠡᠬᠦ ᠶᠢ | ᠠᠬᠢᠭᠤᠯᠬᠤ ᠪᠤᠯᠤᠨ᠎ᠠ᠃ |