ᠳᠠᠭᠤᠲᠤᠨᠠᠭᠤᠷ ᠪᠠᠯᠭᠠᠰᠤᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ | ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠳᠤ ᠬᠠᠷᠢᠶᠠᠯᠠᠭᠳᠠᠵᠤ᠂ ᠵᠡᠭᠦᠨ ᠦᠵᠦᠮᠦᠴᠢᠨ ᠬᠤᠰᠢᠭᠤᠨ ᠤ | ᠵᠡᠭᠦᠨ ᠬᠡᠰᠡᠭ ᠲᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠤᠯᠠᠭᠠᠢ ᠬᠠᠮᠢᠶᠠᠷᠤᠯᠲᠠ ᠶᠢᠨ ᠣᠷᠣᠨ ᠲᠠᠢ ᠬᠥᠷᠰᠢᠯᠡᠵᠦ᠂ | ᠡᠮᠦᠨ᠎ᠡ ᠲᠠᠯ᠎ᠠ ᠪᠠᠷ ᠢᠶᠠᠨ ᠬᠦᠷᠢᠶᠡᠳᠦᠨᠠᠭᠤᠷ ᠰᠤᠮᠤ ᠲᠠᠢ ᠵᠠᠯᠭᠠᠯᠳᠤᠵᠤ᠂ ᠪᠠᠷᠠᠭᠤᠨ ᠲᠠᠯ᠎ᠠ ᠪᠠᠷ ᠢᠶᠠᠨ ᠤᠯᠢᠶᠠᠰᠤᠲᠠᠢ | ᠪᠠᠯᠭᠠᠰᠤ ᠲᠠᠢ ᠵᠠᠬ᠎ᠠ ᠨᠡᠶᠢᠯᠡᠵᠦ᠂ ᠬᠤᠶᠢᠲᠤ ᠲᠠᠯ᠎ᠠ ᠪᠠᠷ ᠢᠶᠠᠨ ᠰᠠᠮᠠᠢ ᠰᠤᠮᠤ᠂ ᠮᠠᠨᠳᠤᠬᠤᠪᠤᠯᠠᠭ ᠪᠠᠯᠭᠠᠰᠤ ᠲᠠᠢ | ᠬᠥᠷᠰᠢᠯᠡᠵᠦ᠂ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠴᠠ 105 ᠺᠢᠯᠣᠮᠧᠲᠷ ᠵᠠᠶᠢᠲᠠᠢ᠂ | ᠶᠡᠷᠦᠩᠬᠡᠢ ᠲᠠᠯᠠᠪᠠᠶ ᠨᠢ 3088 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ | ᠴᠢᠩ ᠤᠯᠤᠰ ᠤᠨ ᠦᠶ᠎ᠡ ᠳᠤ᠂ ᠤᠳᠤ ᠶᠢᠨ ᠳᠠᠭᠤᠲᠤᠨᠠᠭᠤᠷ ᠪᠠᠯᠭᠠᠰᠤ ᠨᠢ ᠦᠵᠦᠮᠦᠴᠢᠨ ᠪᠠᠷᠠᠭᠤᠨ | ᠬᠤᠰᠢᠭᠤᠨ ᠳᠤ ᠬᠠᠷᠢᠶᠠᠯᠠᠭᠳᠠᠵᠤ ᠪᠠᠶᠢᠪᠠ︔ ᠢᠷᠭᠡᠨ ᠤᠯᠤᠰ ᠤᠨ ᠭᠤᠴᠢᠨ ᠨᠠᠢᠮᠠᠳᠤᠭᠠᠷ ᠣᠨ ︵1949 ᠣᠨ︶ | ᠤ 2 ᠰᠠᠷ᠎ᠠ ᠳᠤ᠂ ᠵᠡᠭᠦᠨ ᠬᠡᠰᠡᠭ ᠤᠨ ᠬᠤᠯᠪᠣᠭᠠᠲᠤ ᠬᠤᠰᠢᠭᠤᠨ ᠤ ᠵᠢᠷᠭᠤᠭᠠᠨ ᠭᠡᠰᠢᠭᠦᠨ ᠳᠤ ᠬᠠᠷᠢᠶᠠᠯᠠᠭᠳᠠᠵᠤ | ᠪᠠᠶᠢᠪᠠ᠃ 1956 ᠣᠨ ᠤ 7 ᠰᠠᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠡᠰᠡᠭ ᠤᠨ ᠬᠤᠯᠪᠣᠭᠠᠲᠤ | ᠬᠤᠰᠢᠭᠤᠨ ᠤ ᠵᠢᠷᠭᠤᠭᠠᠨ ᠭᠡᠰᠢᠭᠦᠨ ᠳᠤ ᠬᠠᠷᠢᠶᠠᠯᠠᠭᠳᠠᠪᠠ᠃ 1958 ᠣᠨ ᠤ 11 ᠰᠠᠷ᠎ᠠ ᠳᠤ᠂ ᠰᠠᠶᠢᠬᠠᠨ ᠨᠠᠭᠤᠷ | ᠨᠢᠭᠡᠳᠦᠯ ᠢ ᠪᠠᠶᠢᠭᠤᠯᠪᠠ᠃1961 ᠣᠨ ᠤ 6 ᠰᠠᠷ᠎ᠠ ᠳᠤ᠂ ᠨᠡᠷ᠎ᠡ ᠪᠠᠨ ᠳᠠᠭᠤᠲᠤᠨᠠᠭᠤᠷ ᠨᠢᠭᠡᠳᠦᠯ ᠭᠡᠵᠦ ᠬᠠᠯᠠᠪᠠ᠃ | 1984 ᠣᠨ ᠤ 4 ᠰᠠᠷ᠎ᠠ ᠳᠤ᠂ ᠳᠠᠭᠤᠲᠤᠨᠠᠭᠤᠷ ᠨᠢᠭᠡᠳᠦᠯ ᠢ ᠳᠠᠭᠤᠲᠤᠨᠠᠭᠤᠷ ᠰᠤᠮᠤ ᠭᠡᠵᠦ ᠥᠭᠡᠷᠡᠴᠢᠯᠡᠪᠡ᠃ | 2001 ᠣᠨ ᠤ 5 ᠰᠠᠷ᠎ᠠ ᠳᠤ᠂ ᠳᠠᠭᠤᠲᠤᠨᠠᠭᠤᠷ ᠰᠤᠮᠤ ᠶᠢ ᠳᠠᠭᠤᠲᠤᠨᠠᠭᠤᠷ ᠪᠠᠯᠭᠠᠰᠤ ᠪᠣᠯᠭᠠᠨ ᠥᠭᠡᠷᠡᠴᠢᠯᠡᠪᠡ᠃ | 2006 ᠣᠨ ᠤ 2 ᠰᠠᠷ᠎ᠠ ᠳᠤ᠂ ᠪᠤᠯᠠᠭ᠂ ᠤᠯᠠᠭᠠᠢ ᠬᠤᠶᠠᠷ ᠰᠤᠮᠤ ᠶᠢ ᠳᠠᠭᠤᠲᠤᠨᠠᠭᠤᠷ ᠪᠠᠯᠭᠠᠰᠤᠨ ᠳᠤ | ᠬᠤᠪᠢᠶᠠᠷᠢᠯᠠᠨ ᠣᠷᠣᠭᠤᠯᠪᠠ᠃ 2001 ᠣᠨ ᠤ 5 ᠰᠠᠷ᠎ᠠ ᠳᠤ᠂ ᠳᠠᠭᠤᠲᠤᠨᠠᠭᠤᠷ ᠰᠤᠮᠤ ᠪᠠᠶᠢᠭᠰᠠᠨ ᠢ | ᠳᠠᠭᠤᠲᠤᠨᠠᠭᠤᠷ ᠪᠠᠯᠭᠠᠰᠤ ᠪᠣᠯᠭᠠᠨ ᠥᠭᠡᠷᠡᠴᠢᠯᠡᠪᠡ᠃ 2011 ᠣᠨ ᠤ ᠡᠴᠦᠰ ᠪᠣᠯᠲᠠᠯ᠎ᠠ᠂ ᠳᠠᠭᠤᠲᠤᠨᠠᠭᠤᠷ | ᠪᠠᠯᠭᠠᠰᠤᠨ ᠤ ᠬᠠᠷᠢᠶᠠᠨ ᠳᠠᠬᠢ ᠰᠢᠨ᠎ᠡ ᠰᠦᠮ᠎ᠡ ᠨᠢᠭᠡ ᠨᠡᠶᠢᠭᠡᠮ ᠲᠣᠭᠤᠷᠢᠭ᠂ ᠵᠢᠷᠭᠠᠯᠠᠩᠲᠤ᠂ ᠪᠠᠶᠠᠨ᠋ᠠ᠋ᠭᠤᠯᠠ᠂ | ᠨᠠᠶᠢᠷᠠᠮᠳᠠᠯ᠂ ᠳᠠᠭᠤᠲᠤᠨᠠᠭᠤᠷ᠂ ᠬᠠᠭ᠋ᠣᠪᠤᠭᠠ᠂ ᠤᠯᠠᠭᠠᠨᠳᠤᠭ᠂ ᠪᠠᠶᠠᠨᠲᠤᠭ᠂ ᠪᠠᠶᠠᠨᠭᠤᠣᠯ᠂ ᠪᠠᠶᠠᠨᠪᠤᠯᠠᠭ᠂ ᠬᠠᠳᠠᠲᠤ | ᠵᠡᠷᠭᠡ 10 ᠭᠠᠴᠠᠭ᠎ᠠ ᠲᠠᠢ ᠪᠠᠶᠢᠪᠠ᠃ 2019 ᠣᠨ ᠤ ᠰᠡᠭᠦᠯᠴᠢ ᠪᠣᠯᠬᠤ ᠳᠤ᠂ ᠳᠠᠭᠤᠲᠤᠨᠠᠭᠤᠷ ᠪᠠᠯᠭᠠᠰᠤᠨ ᠤ | ᠡᠷᠦᠬᠡ ᠠᠮᠠ ᠶᠢᠨ ᠲᠠᠩᠰᠠ ᠲᠠᠢ ᠬᠥᠮᠥᠨ ᠠᠮᠠ 4574᠃ 2020 ᠣᠨ ᠤ 6 ᠰᠠᠷ᠎ᠠ ᠪᠣᠯᠲᠠᠯ᠎ᠠ᠂ | ᠳᠠᠭᠤᠲᠤᠨᠠᠭᠤᠷ ᠪᠠᠯᠭᠠᠰᠤᠨ ᠤ ᠬᠠᠷᠢᠶᠠᠨ ᠳᠤ 1 ᠨᠡᠶᠢᠭᠡᠮ ᠲᠣᠭᠤᠷᠢᠭ᠂ 7 ᠭᠠᠴᠠᠭ᠎ᠠ ᠪᠣᠯᠭᠠᠪᠠ᠄ ᠰᠢᠨ᠎ᠡ ᠰᠦᠮ᠎ᠡ | ᠨᠡᠶᠢᠭᠡᠮ ᠲᠣᠭᠤᠷᠢᠭ᠂ ᠳᠠᠭᠤᠲᠤᠨᠠᠭᠤᠷ ᠭᠠᠴᠠᠭ᠎ᠠ᠂ ᠤᠯᠠᠭᠠᠨᠳᠤᠭ ᠭᠠᠴᠠᠭ᠎ᠠ᠂ ᠪᠠᠶᠠᠨᠲᠤᠭ ᠭᠠᠴᠠᠭ᠎ᠠ᠂ ᠬᠠᠭ᠋ᠣᠪᠤᠭᠠ | ᠭᠠᠴᠠᠭ᠎ᠠ᠂ ᠨᠠᠶᠢᠷᠠᠮᠳᠠᠯ ᠭᠠᠴᠠᠭ᠎ᠠ᠂ ᠪᠠᠶᠠᠨ᠋ᠠ᠋ᠭᠤᠯᠠ ᠭᠠᠴᠠᠭ᠎ᠠ᠂ ᠵᠢᠷᠭᠠᠯᠠᠩᠲᠤ ᠭᠠᠴᠠᠭ᠎ᠠ ᠲᠠᠢ︔ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠨᠢ ᠰᠢᠨ᠎ᠡ ᠰᠦᠮ᠎ᠡ ᠨᠡᠶᠢᠭᠡᠮ ᠲᠣᠭᠤᠷᠢᠭ ᠲᠤ ᠪᠠᠶᠢᠨ᠎ᠠ᠃ | ᠳᠠᠭᠤᠲᠤᠨᠠᠭᠤᠷ ᠪᠠᠯᠭᠠᠰᠤ ᠶᠢᠨ ᠮᠠᠯ ᠠᠵᠤ ᠠᠬᠤᠢ ᠨᠢ ᠬᠤᠨᠢ᠂ ᠦᠬᠡᠷ᠂ ᠠᠳᠤᠭᠤ᠂ ᠲᠡᠮᠡᠭᠡ ᠲᠡᠵᠢᠭᠡᠬᠦ ᠪᠠᠷ | ᠭᠤᠣᠯᠯᠠᠨ᠎ᠠ᠃ | ᠳᠠᠭᠤᠲᠤᠨᠠᠭᠤᠷ ᠪᠠᠯᠭᠠᠰᠤ ᠶᠢᠨ ᠭᠠᠵᠠᠷ ᠤᠨ ᠪᠠᠶᠢᠴᠠ ᠨᠢ ᠳᠣᠪᠣᠷᠬᠠᠭ᠂ ᠨᠠᠯᠠᠤ᠂ ᠬᠤᠲᠣᠭᠤᠷ ᠭᠠᠵᠠᠷ︔ | ᠭᠤᠣᠯ ᠪᠣᠯᠬᠤ ᠠᠭᠤᠯᠠ ᠨᠢᠷᠤᠭᠤ ᠳᠤ ᠬᠤᠱᠣᠣ ᠣᠪᠣᠭ᠎ᠠ ᠵᠡᠷᠭᠡ ᠪᠠᠶᠢᠵᠤ᠂ ᠬᠢᠯᠢ ᠶᠢᠨ ᠳᠣᠲᠣᠷᠠᠬᠢ ᠬᠠᠮᠤᠭ ᠤᠨ | ᠥᠨᠳᠥᠷ ᠣᠷᠭᠢᠯ ᠪᠣᠯᠬᠤ ᠬᠤᠱᠣᠣ ᠣᠪᠣᠭ᠎ᠠ ᠨᠢ ᠬᠠᠳᠠᠲᠤ ᠭᠠᠴᠠᠭ᠎ᠠ ᠳᠤ ᠪᠠᠶᠢᠷᠢᠯᠠᠵᠤ᠂ ᠲᠡᠯᠡᠶ ᠶᠢᠨ | ᠲᠦᠪᠰᠢᠨ ᠠᠴᠠ 1380 ᠮᠧᠲᠷ ᠡᠷᠭᠦᠭᠳᠡᠭᠰᠡᠨ ᠪᠠᠶᠢᠳᠠᠭ︔ ᠬᠠᠮᠤᠭ ᠤᠨ ᠳᠣᠣᠷ᠎ᠠ ᠴᠡᠭ ᠨᠢ ᠤᠯᠠᠭᠠᠢ ᠴᠢᠭᠢᠭᠯᠢᠭ | ᠭᠠᠵᠠᠷ ᠲᠤ ᠣᠷᠣᠰᠢᠵᠤ᠂ ᠲᠡᠯᠡᠶ ᠶᠢᠨ ᠲᠦᠪᠰᠢᠨ ᠠᠴᠠ 809 ᠮᠧᠲᠷ ᠡᠷᠭᠦᠭᠳᠡᠭᠰᠡᠨ ᠪᠠᠶᠢᠳᠠᠭ᠃ | ᠳᠠᠭᠤᠲᠤᠨᠠᠭᠤᠷ ᠪᠠᠯᠭᠠᠰᠤᠨ ᠤ ᠬᠢᠯᠢ ᠳᠣᠲᠣᠷᠠᠬᠢ ᠭᠤᠣᠯ ᠮᠥᠷᠡᠨ ᠨᠢ ᠳᠣᠲᠣᠭᠠᠳᠤ ᠬᠠᠭᠤᠷᠠᠢ ᠶᠢᠨ ᠤᠰᠤᠨ | ᠰᠢᠰᠲ᠋ᠧᠮ ᠳᠤ ᠬᠠᠷᠢᠶᠠᠯᠠᠭᠳᠠᠵᠤ᠂ ᠭᠤᠣᠯ ᠪᠣᠯᠬᠤ ᠭᠤᠣᠯ ᠮᠥᠷᠡᠨ ᠨᠢ ᠤᠯᠠᠭᠠᠢ ᠭᠤᠣᠯ ᠪᠣᠯᠣᠨ᠎ᠠ᠃ | ᠳᠠᠭᠤᠲᠤᠨᠠᠭᠤᠷ ᠪᠠᠯᠭᠠᠰᠤ ᠶᠢᠨ ᠬᠢᠯᠢ ᠳᠣᠲᠣᠷ᠎ᠠ ᠨᠢᠭᠡᠨᠲᠡ ᠬᠠᠶᠢᠨ ᠲᠣᠳᠣᠯᠠᠭᠰᠠᠨ ᠭᠠᠵᠠᠷ ᠳᠣᠣᠷᠠᠬᠢ | ᠠᠭᠤᠷᠬᠠᠢ ᠶᠢᠨ ᠪᠤᠯᠠᠭᠳᠠᠴᠠ ᠳᠤ ᠭᠤᠣᠯᠳᠠᠭᠤ ᠨᠡᠭᠦᠷᠡᠰᠦ᠂ ᠮᠥᠩᠭᠦ᠂ ᠲᠡᠮᠦᠷ᠂ ᠰᠤᠪᠤᠳ ᠤᠨ ᠴᠢᠯᠠᠭᠤᠯᠢᠭ᠂ | ᠴᠠᠬᠢᠭᠤᠷ ᠴᠢᠯᠠᠭᠤ ᠵᠡᠷᠭᠡ ᠪᠤᠢ᠂ ᠡᠭᠦᠨ ᠳᠤ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠭᠳᠠᠴᠠ ᠪᠠᠷᠤᠭ 30 | ᠳ᠋ᠦᠩᠰᠢᠭᠤᠷ ᠲᠣᠨ ︔ ᠲᠡᠮᠦᠷ ᠤᠨ ᠬᠠᠳᠠᠭᠠᠯᠠᠭᠳᠠᠴᠠ ᠶᠢ 395 ᠲᠦᠮᠡᠨ ᠲᠣᠨ ︔ ᠰᠤᠪᠤᠳᠯᠢᠭ ᠴᠢᠯᠠᠭᠤᠯᠢᠭ ᠤᠨ | ᠡᠬᠢ ᠪᠠᠶᠠᠯᠢᠭ ᠤᠨ ᠬᠠᠳᠠᠭᠠᠯᠠᠭᠳᠠᠴᠠ 1500 ᠲᠦᠮᠡᠨ ᠲᠣᠨ︔ ᠠᠰᠢᠭᠯᠠᠵᠤ ᠪᠣᠯᠬᠤ ᠪᠠᠶᠢᠭᠠᠯᠢᠯᠢᠭ ᠪᠡᠯᠴᠢᠭᠡᠷ ᠤᠨ | ᠲᠠᠯᠠᠪᠠᠶ 4146 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠤ | ᠲᠠᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠳᠤ 278 ᠲᠦᠮᠡᠨ ᠮᠦ︔ ᠤᠷᠭᠤᠮᠠᠯ ᠳᠤ 425 ᠵᠦᠢᠯ | ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠤᠷᠭᠤᠮᠠᠯ ᠳᠤ ᠬᠤᠨᠴᠢᠷ᠂ | ᠰᠢᠬᠢᠷ ᠡᠪᠡᠰᠦ᠂ ᠰᠠᠷᠠᠯᠠᠩ᠂ ᠣᠷᠬᠤᠳᠠᠢ ᠵᠡᠷᠭᠡ ᠪᠣᠢ᠃ ᠬᠡᠭᠡᠷ᠎ᠡ ᠶᠢᠨ ᠠᠮᠢᠲᠠᠨ ᠳᠤ 199 ᠵᠦᠢᠯ ᠪᠠᠶᠢᠬᠤ ᠶᠢᠨ | ᠳᠣᠲᠣᠷ᠎ᠠ ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠬᠠᠮᠠᠭᠠᠯᠠᠯᠲᠠ ᠳᠤ ᠪᠠᠶᠢᠭ᠎ᠠ ᠠᠮᠢᠲᠠᠨ 30 ᠭᠠᠷᠤᠢ | ᠵᠦᠢᠯ ᠪᠤᠶ᠃ ᠤᠯᠤᠰ ᠤᠨ ᠨᠢᠭᠡᠳᠦᠭᠡᠷ ᠲᠥᠷᠥᠯ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠠᠮᠢᠲᠠᠨ ᠳᠤ | ᠠᠯᠲᠠᠨ ᠪᠦᠷᠭᠦᠳ᠂ ᠠᠯ ᠰᠡᠭᠦᠯ᠂ ᠲᠣᠭᠤᠳᠠᠭ ᠪᠤᠶ᠃ | ᠳᠠᠭᠤᠲᠤᠨᠠᠭᠤᠷ ᠪᠠᠯᠭᠠᠰᠤ ᠨᠢ ᠬᠢᠯᠢ ᠶᠢᠨ ᠳᠣᠲᠣᠷᠠᠬᠢ ᠳᠠᠭᠤᠲᠤ ᠨᠠᠭᠤᠷ ᠠᠴᠠ ᠪᠣᠯᠵᠤ ᠢᠩᠭᠢᠵᠦ | ᠨᠡᠷᠡᠯᠡᠭᠳᠡᠭᠰᠡᠨ ᠪᠠᠶᠢᠨ᠎ᠠ᠃ | |