ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/3/18
      3 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠨᠢ ᠮᠥᠨ ᠴᠦ ᠵᠡᠭᠦᠨ ᠬᠠᠲᠠᠪᠴᠢ ᠪᠣᠭᠤᠮᠲᠠ ᠶᠢᠨ ᠬᠥᠭᠵᠢᠯᠲᠡ ︽ᠲᠦᠷᠭᠡᠨ ᠵᠠᠮ︾ ᠳᠤ ᠣᠷᠣᠭᠰᠠᠨ ᠢ ᠬᠠᠷᠠᠭᠤᠯᠵᠤ ᠪᠠᠶᠢᠨ᠎ᠠ᠃      2008 ᠣᠨ ᠠᠴᠠ ᠡᠬᠢᠯᠡᠨ᠂ ᠵᠡᠭᠦᠨ ᠬᠠᠲᠠᠪᠴᠢ ᠪᠣᠭᠤᠮᠲᠠ ᠣᠯᠠᠨ ᠤᠯᠤᠰ ᠤᠨ ᠴᠢᠨᠠᠷᠲᠠᠢ ᠪᠠᠶᠢᠩᠭᠤ ᠨᠡᠭᠡᠭᠡᠯᠲᠡ ᠬᠢᠬᠦ ᠶᠢ ᠵᠢᠩᠬᠢᠨᠢ ᠪᠠᠷ ᠪᠡᠶᠡᠯᠡᠭᠦᠯᠵᠦ᠂ ᠥᠪᠥᠷ ᠮᠣᠩᠭᠤᠯ ᠤᠨ  ᠭᠤᠷᠪᠠᠳᠤᠭᠠᠷ ᠶᠡᠭᠡ ᠣᠯᠠᠨ ᠤᠯᠤᠰ ᠤᠨ ᠴᠢᠨᠠᠷᠲᠠᠢ ᠪᠠᠶᠢᠩᠭᠤ ᠨᠡᠭᠡᠭᠡᠯᠲᠡ ᠬᠢᠬᠦ ᠬᠠᠭᠤᠷᠠᠢ ᠵᠠᠮ ᠤᠨ ᠪᠣᠭᠤᠮᠲᠠ ᠪᠣᠯᠵᠤ᠂ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠪᠣᠭᠤᠮᠲᠠ ᠳᠤ ᠵᠢᠭᠰᠠᠭᠠᠭᠳᠠᠪᠠ᠃ 2023 ᠣᠨ ᠳᠤ ᠵᠡᠭᠦᠨ ᠬᠠᠲᠠᠪᠴᠢ ᠪᠣᠭᠤᠮᠲᠠ ᠶᠢᠨ ᠪᠦᠬᠦ ᠵᠢᠯ ᠤᠨ ᠪᠠᠷᠠᠭᠠᠨ ᠤ ᠬᠡᠮᠵᠢᠶ᠎ᠡ 270 ᠲᠦᠮᠡᠨ ᠲᠣᠨ ᠢ ᠳᠠᠪᠠᠵᠤ᠂ ᠲᠡᠦᠬᠡ ᠶᠢᠨ ᠬᠠᠮᠤᠭ ᠤᠨ ᠥᠨᠳᠥᠷ ᠬᠡᠮᠵᠢᠭᠳᠡᠯ ᠲᠠᠢ ᠬᠠᠷᠢᠴᠠᠭᠤᠯᠪᠠᠯ 77.6%  ᠪᠠᠷ ᠨᠡᠮᠡᠭᠳᠡᠪᠡ᠃     ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠡᠬᠢᠯᠡᠵᠦ ᠬᠡᠷᠡᠭᠯᠡᠭᠰᠡᠨ ᠤ ᠳᠠᠷᠠᠭ᠎ᠠ᠂ ᠠᠶᠠᠨᠴᠢᠳ ᠪᠠ ᠪᠠᠷᠠᠭᠠᠨ ᠤ ᠵᠦᠢᠯ ᠢ ᠰᠠᠯᠭᠠᠨ ᠲᠠᠰ ᠳᠡᠪᠰᠢᠭᠦᠯᠬᠦ ᠪᠠ ᠪᠥᠬᠦ ᠲᠠᠯ᠎ᠠ ᠪᠠᠷ ᠣᠶᠤᠨᠴᠢ ᠪᠠᠷ ᠪᠣᠭᠤᠮᠲᠠ ᠪᠠᠷ ᠥᠩᠭᠡᠷᠡᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠳᠠᠬᠢᠨ ᠢᠶᠠᠷ ᠨᠡᠮᠡᠭᠳᠡᠬᠦ ᠶᠢ ᠠᠬᠢᠭᠤᠯᠬᠤ ᠪᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号