ᠳᠠᠭᠤᠲᠤᠨᠠᠭᠤᠷ ᠪᠠᠯᠭᠠᠰᠤᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/3/18
      ᠳᠠᠭᠤᠲᠤᠨᠠᠭᠤᠷ ᠪᠠᠯᠭᠠᠰᠤᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠳᠤ ᠬᠠᠷᠢᠶᠠᠯᠠᠭᠳᠠᠵᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠡᠰᠡᠭ ᠲᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠤᠯᠠᠭᠠᠢ ᠬᠠᠮᠢᠶᠠᠷᠤᠯᠲᠠ ᠶᠢᠨ ᠣᠷᠣᠨ ᠲᠠᠢ ᠬᠥᠷᠰᠢᠯᠡᠵᠦ᠂ ᠡᠮᠦᠨ᠎ᠡ ᠲᠠᠯ᠎ᠠ ᠪᠠᠷ ᠢᠶᠠᠨ ᠬᠦᠷᠢᠶᠡᠳᠦᠨᠠᠭᠤᠷ ᠰᠤᠮᠤ ᠲᠠᠢ ᠵᠠᠯᠭᠠᠯᠳᠤᠵᠤ᠂ ᠪᠠᠷᠠᠭᠤᠨ ᠲᠠᠯ᠎ᠠ ᠪᠠᠷ ᠢᠶᠠᠨ ᠤᠯᠢᠶᠠᠰᠤᠲᠠᠢ ᠪᠠᠯᠭᠠᠰᠤ ᠲᠠᠢ ᠵᠠᠬ᠎ᠠ ᠨᠡᠶᠢᠯᠡᠵᠦ᠂ ᠬᠤᠶᠢᠲᠤ ᠲᠠᠯ᠎ᠠ ᠪᠠᠷ ᠢᠶᠠᠨ ᠰᠠᠮᠠᠢ ᠰᠤᠮᠤ᠂ ᠮᠠᠨᠳᠤᠬᠤᠪᠤᠯᠠᠭ ᠪᠠᠯᠭᠠᠰᠤ ᠲᠠᠢ ᠬᠥᠷᠰᠢᠯᠡᠵᠦ᠂ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠴᠠ 105 ᠺᠢᠯᠣᠮᠧᠲᠷ ᠵᠠᠶᠢᠲᠠᠢ᠂ ᠶᠡᠷᠦᠩᠬᠡᠢ ᠲᠠᠯᠠᠪᠠᠶ ᠨᠢ 3088 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃      ᠴᠢᠩ ᠤᠯᠤᠰ ᠤᠨ ᠦᠶ᠎ᠡ ᠳᠤ᠂ ᠤᠳᠤ ᠶᠢᠨ ᠳᠠᠭᠤᠲᠤᠨᠠᠭᠤᠷ ᠪᠠᠯᠭᠠᠰᠤ ᠨᠢ ᠦᠵᠦᠮᠦᠴᠢᠨ ᠪᠠᠷᠠᠭᠤᠨ ᠬᠤᠰᠢᠭᠤᠨ ᠳᠤ ᠬᠠᠷᠢᠶᠠᠯᠠᠭᠳᠠᠵᠤ ᠪᠠᠶᠢᠪᠠ︔ ᠢᠷᠭᠡᠨ ᠤᠯᠤᠰ ᠤᠨ ᠭᠤᠴᠢᠨ ᠨᠠᠢᠮᠠᠳᠤᠭᠠᠷ ᠣᠨ ︵1949 ᠣᠨ︶ ᠤ 2 ᠰᠠᠷ᠎ᠠ ᠳᠤ᠂ ᠵᠡᠭᠦᠨ ᠬᠡᠰᠡᠭ ᠤᠨ ᠬᠤᠯᠪᠣᠭᠠᠲᠤ ᠬᠤᠰᠢᠭᠤᠨ ᠤ ᠵᠢᠷᠭᠤᠭᠠᠨ ᠭᠡᠰᠢᠭᠦᠨ ᠳᠤ ᠬᠠᠷᠢᠶᠠᠯᠠᠭᠳᠠᠵᠤ ᠪᠠᠶᠢᠪᠠ᠃ 1956 ᠣᠨ ᠤ 7 ᠰᠠᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠡᠰᠡᠭ ᠤᠨ ᠬᠤᠯᠪᠣᠭᠠᠲᠤ ᠬᠤᠰᠢᠭᠤᠨ ᠤ ᠵᠢᠷᠭᠤᠭᠠᠨ ᠭᠡᠰᠢᠭᠦᠨ ᠳᠤ ᠬᠠᠷᠢᠶᠠᠯᠠᠭᠳᠠᠪᠠ᠃ 1958 ᠣᠨ ᠤ 11 ᠰᠠᠷ᠎ᠠ ᠳᠤ᠂ ᠰᠠᠶᠢᠬᠠᠨ ᠨᠠᠭᠤᠷ ᠨᠢᠭᠡᠳᠦᠯ ᠢ ᠪᠠᠶᠢᠭᠤᠯᠪᠠ᠃1961 ᠣᠨ ᠤ 6 ᠰᠠᠷ᠎ᠠ ᠳᠤ᠂ ᠨᠡᠷ᠎ᠡ ᠪᠠᠨ ᠳᠠᠭᠤᠲᠤᠨᠠᠭᠤᠷ ᠨᠢᠭᠡᠳᠦᠯ ᠭᠡᠵᠦ ᠬᠠᠯᠠᠪᠠ᠃ 1984 ᠣᠨ ᠤ 4 ᠰᠠᠷ᠎ᠠ ᠳᠤ᠂ ᠳᠠᠭᠤᠲᠤᠨᠠᠭᠤᠷ ᠨᠢᠭᠡᠳᠦᠯ ᠢ ᠳᠠᠭᠤᠲᠤᠨᠠᠭᠤᠷ ᠰᠤᠮᠤ ᠭᠡᠵᠦ ᠥᠭᠡᠷᠡᠴᠢᠯᠡᠪᠡ᠃ 2001 ᠣᠨ ᠤ 5 ᠰᠠᠷ᠎ᠠ ᠳᠤ᠂ ᠳᠠᠭᠤᠲᠤᠨᠠᠭᠤᠷ ᠰᠤᠮᠤ ᠶᠢ ᠳᠠᠭᠤᠲᠤᠨᠠᠭᠤᠷ ᠪᠠᠯᠭᠠᠰᠤ ᠪᠣᠯᠭᠠᠨ ᠥᠭᠡᠷᠡᠴᠢᠯᠡᠪᠡ᠃ 2006 ᠣᠨ ᠤ 2 ᠰᠠᠷ᠎ᠠ ᠳᠤ᠂ ᠪᠤᠯᠠᠭ᠂ ᠤᠯᠠᠭᠠᠢ ᠬᠤᠶᠠᠷ ᠰᠤᠮᠤ ᠶᠢ ᠳᠠᠭᠤᠲᠤᠨᠠᠭᠤᠷ ᠪᠠᠯᠭᠠᠰᠤᠨ ᠳᠤ ᠬᠤᠪᠢᠶᠠᠷᠢᠯᠠᠨ ᠣᠷᠣᠭᠤᠯᠪᠠ᠃ 2001 ᠣᠨ ᠤ 5 ᠰᠠᠷ᠎ᠠ ᠳᠤ᠂ ᠳᠠᠭᠤᠲᠤᠨᠠᠭᠤᠷ ᠰᠤᠮᠤ ᠪᠠᠶᠢᠭᠰᠠᠨ ᠢ ᠳᠠᠭᠤᠲᠤᠨᠠᠭᠤᠷ ᠪᠠᠯᠭᠠᠰᠤ ᠪᠣᠯᠭᠠᠨ ᠥᠭᠡᠷᠡᠴᠢᠯᠡᠪᠡ᠃ 2011 ᠣᠨ ᠤ ᠡᠴᠦᠰ ᠪᠣᠯᠲᠠᠯ᠎ᠠ᠂ ᠳᠠᠭᠤᠲᠤᠨᠠᠭᠤᠷ ᠪᠠᠯᠭᠠᠰᠤᠨ ᠤ ᠬᠠᠷᠢᠶᠠᠨ ᠳᠠᠬᠢ ᠰᠢᠨ᠎ᠡ ᠰᠦᠮ᠎ᠡ ᠨᠢᠭᠡ ᠨᠡᠶᠢᠭᠡᠮ ᠲᠣᠭᠤᠷᠢᠭ᠂ ᠵᠢᠷᠭᠠᠯᠠᠩᠲᠤ᠂ ᠪᠠᠶᠠᠨ᠋ᠠ᠋ᠭᠤᠯᠠ᠂ ᠨᠠᠶᠢᠷᠠᠮᠳᠠᠯ᠂ ᠳᠠᠭᠤᠲᠤᠨᠠᠭᠤᠷ᠂ ᠬᠠᠭ᠋ᠣᠪᠤᠭ᠎ᠠ᠂ ᠤᠯᠠᠭᠠᠨᠳᠤᠭ᠂ ᠪᠠᠶᠠᠨᠲᠤᠭ᠂ ᠪᠠᠶᠠᠨᠭᠤᠣᠯ᠂ ᠪᠠᠶᠠᠨᠪᠤᠯᠠᠭ᠂ ᠬᠠᠳᠠᠲᠤ ᠵᠡᠷᠭᠡ 10 ᠭᠠᠴᠠᠭ᠎ᠠ ᠲᠠᠢ ᠪᠠᠶᠢᠪᠠ᠃ 2019 ᠣᠨ ᠤ ᠰᠡᠭᠦᠯᠴᠢ ᠪᠣᠯᠬᠤ ᠳᠤ᠂ ᠳᠠᠭᠤᠲᠤᠨᠠᠭᠤᠷ ᠪᠠᠯᠭᠠᠰᠤᠨ ᠤ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ 4574᠃ 2020 ᠣᠨ ᠤ 6 ᠰᠠᠷ᠎ᠠ ᠪᠣᠯᠲᠠᠯ᠎ᠠ᠂ ᠳᠠᠭᠤᠲᠤᠨᠠᠭᠤᠷ ᠪᠠᠯᠭᠠᠰᠤᠨ ᠤ ᠬᠠᠷᠢᠶᠠᠨ ᠳᠤ 1 ᠨᠡᠶᠢᠭᠡᠮ ᠲᠣᠭᠤᠷᠢᠭ᠂ 7 ᠭᠠᠴᠠᠭ᠎ᠠ ᠪᠣᠯᠭᠠᠪᠠ᠄ ᠰᠢᠨ᠎ᠡ ᠰᠦᠮ᠎ᠡ ᠨᠡᠶᠢᠭᠡᠮ ᠲᠣᠭᠤᠷᠢᠭ᠂ ᠳᠠᠭᠤᠲᠤᠨᠠᠭᠤᠷ ᠭᠠᠴᠠᠭ᠎ᠠ᠂ ᠤᠯᠠᠭᠠᠨᠳᠤᠭ ᠭᠠᠴᠠᠭ᠎ᠠ᠂ ᠪᠠᠶᠠᠨᠲᠤᠭ ᠭᠠᠴᠠᠭ᠎ᠠ᠂ ᠬᠠᠭ᠋ᠣᠪᠤᠭ᠎ᠠ ᠭᠠᠴᠠᠭ᠎ᠠ᠂ ᠨᠠᠶᠢᠷᠠᠮᠳᠠᠯ ᠭᠠᠴᠠᠭ᠎ᠠ᠂ ᠪᠠᠶᠠᠨ᠋ᠠ᠋ᠭᠤᠯᠠ ᠭᠠᠴᠠᠭ᠎ᠠ᠂ ᠵᠢᠷᠭᠠᠯᠠᠩᠲᠤ ᠭᠠᠴᠠᠭ᠎ᠠ ᠲᠠᠢ︔ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠰᠢᠨ᠎ᠡ ᠰᠦᠮ᠎ᠡ ᠨᠡᠶᠢᠭᠡᠮ ᠲᠣᠭᠤᠷᠢᠭ ᠲᠤ ᠪᠠᠶᠢᠨ᠎ᠠ᠃      ᠳᠠᠭᠤᠲᠤᠨᠠᠭᠤᠷ ᠪᠠᠯᠭᠠᠰᠤ ᠶᠢᠨ ᠮᠠᠯ ᠠᠵᠤ ᠠᠬᠤᠢ ᠨᠢ ᠬᠤᠨᠢ᠂ ᠦᠬᠡᠷ᠂ ᠠᠳᠤᠭᠤ᠂ ᠲᠡᠮᠡᠭᠡ ᠲᠡᠵᠢᠭᠡᠬᠦ ᠪᠠᠷ ᠭᠤᠣᠯᠯᠠᠨ᠎ᠠ᠃            ᠳᠠᠭᠤᠲᠤᠨᠠᠭᠤᠷ ᠪᠠᠯᠭᠠᠰᠤ ᠶᠢᠨ ᠭᠠᠵᠠᠷ ᠤᠨ ᠪᠠᠶᠢᠴᠠ ᠨᠢ ᠳᠣᠪᠣᠷᠬᠠᠭ᠂ ᠨᠠᠯᠠᠤ᠂ ᠬᠤᠲᠣᠭᠤᠷ ᠭᠠᠵᠠᠷ︔ ᠭᠤᠣᠯ ᠪᠣᠯᠬᠤ ᠠᠭᠤᠯᠠ ᠨᠢᠷᠤᠭᠤ ᠳᠤ ᠬᠤᠱᠣᠣ ᠣᠪᠣᠭ᠎ᠠ ᠵᠡᠷᠭᠡ ᠪᠠᠶᠢᠵᠤ᠂ ᠬᠢᠯᠢ ᠶᠢᠨ ᠳᠣᠲᠣᠷᠠᠬᠢ ᠬᠠᠮᠤᠭ ᠤᠨ ᠥᠨᠳᠥᠷ ᠣᠷᠭᠢᠯ ᠪᠣᠯᠬᠤ ᠬᠤᠱᠣᠣ ᠣᠪᠣᠭ᠎ᠠ ᠨᠢ ᠬᠠᠳᠠᠲᠤ ᠭᠠᠴᠠᠭ᠎ᠠ ᠳᠤ ᠪᠠᠶᠢᠷᠢᠯᠠᠵᠤ᠂ ᠲᠡᠯᠡᠶ ᠶᠢᠨ ᠲᠦᠪᠰᠢᠨ ᠠᠴᠠ 1380 ᠮᠧᠲᠷ ᠡᠷᠭᠦᠭᠳᠡᠭᠰᠡᠨ ᠪᠠᠶᠢᠳᠠᠭ︔ ᠬᠠᠮᠤᠭ ᠤᠨ ᠳᠣᠣᠷ᠎ᠠ ᠴᠡᠭ ᠨᠢ ᠤᠯᠠᠭᠠᠢ ᠴᠢᠭᠢᠭᠯᠢᠭ ᠭᠠᠵᠠᠷ ᠲᠤ ᠣᠷᠣᠰᠢᠵᠤ᠂ ᠲᠡᠯᠡᠶ ᠶᠢᠨ ᠲᠦᠪᠰᠢᠨ ᠠᠴᠠ 809 ᠮᠧᠲᠷ ᠡᠷᠭᠦᠭᠳᠡᠭᠰᠡᠨ ᠪᠠᠶᠢᠳᠠᠭ᠃      ᠳᠠᠭᠤᠲᠤᠨᠠᠭᠤᠷ ᠪᠠᠯᠭᠠᠰᠤᠨ ᠤ ᠬᠢᠯᠢ ᠳᠣᠲᠣᠷᠠᠬᠢ ᠭᠤᠣᠯ ᠮᠥᠷᠡᠨ ᠨᠢ ᠳᠣᠲᠣᠭᠠᠳᠤ ᠬᠠᠭᠤᠷᠠᠢ ᠶᠢᠨ ᠤᠰᠤᠨ ᠰᠢᠰᠲ᠋ᠧᠮ ᠳᠤ ᠬᠠᠷᠢᠶᠠᠯᠠᠭᠳᠠᠵᠤ᠂ ᠭᠤᠣᠯ ᠪᠣᠯᠬᠤ ᠭᠤᠣᠯ ᠮᠥᠷᠡᠨ ᠨᠢ ᠤᠯᠠᠭᠠᠢ ᠭᠤᠣᠯ ᠪᠣᠯᠣᠨ᠎ᠠ᠃      ᠳᠠᠭᠤᠲᠤᠨᠠᠭᠤᠷ ᠪᠠᠯᠭᠠᠰᠤ ᠶᠢᠨ ᠬᠢᠯᠢ ᠳᠣᠲᠣᠷ᠎ᠠ ᠨᠢᠭᠡᠨᠲᠡ ᠬᠠᠶᠢᠨ ᠲᠣᠳᠣᠯᠠᠭᠰᠠᠨ ᠭᠠᠵᠠᠷ ᠳᠣᠣᠷᠠᠬᠢ ᠠᠭᠤᠷᠬᠠᠢ ᠶᠢᠨ ᠪᠤᠯᠠᠭᠳᠠᠴᠠ ᠳᠤ ᠭᠤᠣᠯᠳᠠᠭᠤ ᠨᠡᠭᠦᠷᠡᠰᠦ᠂ ᠮᠥᠩᠭᠦ᠂ ᠲᠡᠮᠦᠷ᠂ ᠰᠤᠪᠤᠳ ᠤᠨ ᠴᠢᠯᠠᠭᠤᠯᠢᠭ᠂ ᠴᠠᠬᠢᠭᠤᠷ ᠴᠢᠯᠠᠭᠤ ᠵᠡᠷᠭᠡ ᠪᠤᠢ᠂ ᠡᠭᠦᠨ ᠳᠤ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠭᠳᠠᠴᠠ ᠪᠠᠷᠤᠭ 30 ᠳ᠋ᠦᠩᠰᠢᠭᠤᠷ ᠲᠣᠨ ︔ ᠲᠡᠮᠦᠷ ᠤᠨ ᠬᠠᠳᠠᠭᠠᠯᠠᠭᠳᠠᠴᠠ ᠶᠢ 395 ᠲᠦᠮᠡᠨ ᠲᠣᠨ ︔ ᠰᠤᠪᠤᠳᠯᠢᠭ ᠴᠢᠯᠠᠭᠤᠯᠢᠭ ᠤᠨ ᠡᠬᠢ ᠪᠠᠶᠠᠯᠢᠭ ᠤᠨ ᠬᠠᠳᠠᠭᠠᠯᠠᠭᠳᠠᠴᠠ 1500 ᠲᠦᠮᠡᠨ ᠲᠣᠨ︔ ᠠᠰᠢᠭᠯᠠᠵᠤ ᠪᠣᠯᠬᠤ ᠪᠠᠶᠢᠭᠠᠯᠢᠯᠢᠭ ᠪᠡᠯᠴᠢᠭᠡᠷ ᠤᠨ ᠲᠠᠯᠠᠪᠠᠶ 4146 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠳᠤ 278 ᠲᠦᠮᠡᠨ ᠮᠦ︔ ᠤᠷᠭᠤᠮᠠᠯ ᠳᠤ 425 ᠵᠦᠢᠯ ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠤᠷᠭᠤᠮᠠᠯ ᠳᠤ ᠬᠤᠨᠴᠢᠷ᠂ ᠰᠢᠬᠢᠷ ᠡᠪᠡᠰᠦ᠂ ᠰᠠᠷᠠᠯᠠᠩ᠂ ᠣᠷᠬᠤᠳᠠᠢ ᠵᠡᠷᠭᠡ ᠪᠣᠢ᠃ ᠬᠡᠭᠡᠷ᠎ᠡ ᠶᠢᠨ ᠠᠮᠢᠲᠠᠨ ᠳᠤ 199 ᠵᠦᠢᠯ ᠪᠠᠶᠢᠬᠤ ᠶᠢᠨ ᠳᠣᠲᠣᠷ᠎ᠠ ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠬᠠᠮᠠᠭᠠᠯᠠᠯᠲᠠ ᠳᠤ ᠪᠠᠶᠢᠭ᠎ᠠ ᠠᠮᠢᠲᠠᠨ 30 ᠭᠠᠷᠤᠢ ᠵᠦᠢᠯ ᠪᠤᠶ᠃ ᠤᠯᠤᠰ ᠤᠨ ᠨᠢᠭᠡᠳᠦᠭᠡᠷ ᠲᠥᠷᠥᠯ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠠᠮᠢᠲᠠᠨ ᠳᠤ ᠠᠯᠲᠠᠨ ᠪᠦᠷᠭᠦᠳ᠂ ᠠᠯ ᠰᠡᠭᠦᠯ᠂ ᠲᠣᠭᠤᠳᠠᠭ ᠪᠤᠶ᠃      ᠳᠠᠭᠤᠲᠤᠨᠠᠭᠤᠷ ᠪᠠᠯᠭᠠᠰᠤ ᠨᠢ ᠬᠢᠯᠢ ᠶᠢᠨ ᠳᠣᠲᠣᠷᠠᠬᠢ ᠳᠠᠭᠤᠲᠤ ᠨᠠᠭᠤᠷ ᠠᠴᠠ ᠪᠣᠯᠵᠤ ᠢᠩᠭᠢᠵᠦ ᠨᠡᠷᠡᠯᠡᠭᠳᠡᠭᠰᠡᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号