ᠨᠠᠶᠠ ᠭᠠᠷᠤᠭᠰᠠᠨ ᠨᠠᠰᠤᠳᠠᠶᠢᠴᠤᠤᠨ ᠤᠯᠠᠭᠠᠨ ᠬᠡᠪᠢᠰᠦᠨ ᠳᠤ ᠠᠯᠬᠤᠵᠤ ᠪᠠᠶᠠᠷ ᠤᠨ ᠡᠳᠦᠷ ᠢᠶᠠᠨ ᠤᠭᠳᠤᠯ᠎ᠠ
ᠨᠡᠶᠢᠲᠡᠯᠡᠭᠰᠡᠨ ᠴᠠᠭ᠄
2024/3/20
      ︽3·8︾ ᠎ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 3.3 ᠎ ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠨᠠᠮ ᠤᠨ ᠡᠬᠦᠷ ᠵᠢᠴᠢ ᠠᠶᠠᠨ ᠰᠠᠶᠢᠨ ᠲᠤᠷᠠᠴᠤᠤᠯ ᠤᠨ ᠨᠡᠶᠢᠭᠡᠮᠯᠢᠭ ᠤᠨ ︽ᠲᠠᠯ᠎ᠠ ᠨᠤᠲᠤᠭ ᠤᠨ ᠬᠥᠪᠡᠭᠦᠳ ᠥᠬᠢᠳ ᠨᠠᠮ ᠢᠶᠠᠨ ᠲᠠᠭᠠᠵᠤ᠂ ᠦᠡᠳᠦᠰᠦᠳᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠳᠦ ᠲᠤᠳᠤᠨᠤ ᠪᠠᠶᠢᠵᠠᠭᠠᠶ᠎ᠠ︾ ᠭᠤᠣᠯ ᠰᠠᠳᠦᠪᠳᠦ ︿︿3.8﹀﹀᠎ ᠤ ᠲᠡᠯᠡᠬᠡᠢ ᠶᠢᠨ ᠡᠮᠡᠭᠳᠠᠶᠢᠴᠤᠤᠨ ᠤᠨ ᠪᠠᠶᠠᠷ ᠢ ᠤᠭᠳᠤᠬᠤ ᠪᠠ ᠨᠡᠶᠢᠭᠡᠮᠯᠢᠭ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢ ᠪᠡᠯᠡᠭᠯᠡᠬᠦ ᠠᠵᠢᠯᠯᠠᠭ᠎ᠠ ᠨᠢ ︿︿ᠠᠯᠳᠠᠨ ᠤᠷᠳᠤᠨ﹀﹀ ᠶᠤᠰᠤᠯᠠᠯ ᠤᠨ ᠭᠠᠵᠠᠷ ᠤᠤᠠᠬ᠎ᠠ ᠲᠡᠬᠦᠯᠳᠡᠷ ᠶᠠᠪᠤᠭᠳᠠᠵᠠᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠳᠡᠰ  ᠤᠨ ᠲᠠᠷᠤᠭ᠎ᠠ ᠰᠠᠷᠠᠭᠤᠯᠳᠤᠶᠠᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ  ᠬᠡᠯᠳᠡᠰ᠂ ᠡᠮᠡᠭᠳᠠᠶᠢᠴᠤᠤᠨ ᠤᠨ ᠬᠤᠯᠪᠤᠭᠠᠳᠤ ᠬᠤᠷᠠᠯ᠂ ᠠᠷᠠᠤᠨ ᠤᠨ ᠶᠠᠪᠤᠳᠠᠯ ᠤᠨ ᠲᠤᠪᠴᠢᠶ᠎ᠠ᠂ ᠦᠡᠳᠦᠰᠦᠳᠡᠨ ᠤ ᠬᠡᠷᠡᠭ ᠡᠷᠬᠢᠯᠡᠬᠦ  ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠵᠠᠢ  ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ  ᠤᠨ 75 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠠᠶᠠᠨ ᠰᠠᠶᠢᠨ ᠲᠤᠷᠠᠴᠤᠤᠯ ᠤᠨ ᠨᠡᠶᠢᠭᠡᠮᠯᠢᠭ ᠤᠨ 70 ᠨᠠᠰᠤᠨ  ᠎ ᠠᠴᠠ ᠳᠡᠭᠡᠭᠰᠢᠬᠢ ᠨᠠᠰᠤᠲᠠᠳ ᠤᠯᠠᠭᠠᠨ ᠬᠡᠪᠢᠰ ᠢᠶᠠᠷ ᠠᠯᠬᠤᠵᠤ  ᠭᠠᠷ ᠤᠨ ᠥᠰᠥᠭ ᠵᠢᠷᠤᠬᠤ ᠶᠤᠰᠤᠯᠠᠯ  ᠶᠠᠪᠤᠭᠳᠠᠭᠤᠯᠵᠠᠢ᠃      ᠠᠵᠢᠯᠯᠠᠭ᠎ᠠ ᠨᠢ ︽ᠬᠦᠡᠳᠦᠳᠦ ᠬᠠᠶᠢᠷᠠᠳᠦ ᠮᠠᠤ ᠲᠡᠷᠢᠭᠦᠯᠡᠭᠴᠢ︾ ᠭᠡᠬᠦ ᠬᠠᠮᠳᠦ ᠶᠢᠨ ᠳᠠᠭᠤᠤ ᠪᠠᠷ ᠬᠥᠰᠢᠭᠡ ᠎ ᠪᠠᠨ ᠰᠠᠬᠦᠵᠦ᠂ ᠤᠷᠳᠤ ᠶᠢᠨ ᠳᠠᠭᠤᠤ ︽ᠵᠢᠭᠠᠬᠠᠨ ᠰᠢᠷᠭ᠎ᠠ︾  ᠂ ᠨᠠᠶᠢᠷᠠᠯ ᠬᠥᠭᠵᠢᠮ  ︽ᠨᠤᠲᠤᠭ ᠤᠨ ᠪᠠᠷ᠎ᠠ︾᠂ ᠡᠮᠡᠭᠳᠠᠢ ᠶᠢᠨ ᠭᠤᠴᠤᠯᠠᠯ ᠲᠠᠭᠤᠤ ︽ᠰᠡᠤᠡᠬᠢᠯ ᠤᠨ ᠲᠠᠭᠤᠤ ᠪᠠᠨ ᠡᠵᠢ ᠳᠡᠭᠡᠨ ᠡᠷᠬᠦᠶ᠎ᠡ︾᠂ ᠡᠮᠡᠭᠳᠠᠢ ᠶᠢᠨ ᠨᠠᠶᠢᠷᠠᠯ ᠲᠠᠭᠤᠤ ︽ᠦᠵᠦᠮᠦᠴᠢᠨ ᠪᠦᠰᠡᠬᠦᠢ ᠶᠢᠨ ᠲᠠᠭᠤᠯᠠᠯ︾ ᠵᠡᠷᠭᠡ ᠲᠤᠭᠯᠠᠯᠳᠠ ᠨᠢ ᠠᠬᠤᠢ ᠲᠠᠯᠠᠪᠠᠢ ᠤᠨ ᠦᠵᠡᠭᠴᠢ ᠶᠢᠨ ᠬᠠᠯᠠᠭᠤᠨ ᠠᠯᠠᠭ᠎ᠠ ᠲᠠᠰᠢᠯᠳᠠ ᠶᠢ ᠲᠤᠰᠴᠤ᠂ ᠭᠤᠴᠣᠯᠠᠯ ᠳᠠᠭᠤᠤ ︽ᠮᠠᠤ ᠲᠡᠷᠢᠭᠦᠯᠡᠭᠴᠢ ᠪᠣᠯ ᠪᠢᠳᠡᠨ ᠤ ᠰᠡᠳᠬᠢᠯ ᠵᠢᠷᠤᠭᠡᠨ ᠤ ᠤᠯᠠᠭᠠᠨ ᠨᠠᠷᠠ︾᠂ ᠮᠣᠷᠢᠨ ᠬᠤᠭᠤᠷ ᠤᠨ ᠭᠤᠴᠣᠯᠠᠯ ︽ᠦᠵᠦᠮᠦᠴᠢᠨ ᠠᠷᠠᠳ ᠤᠨ ᠬᠥᠭᠵᠢᠮ︾᠂ ᠦᠵᠦᠮᠦᠴᠢᠨ ᠬᠤᠪᠴᠠᠰᠤ ᠵᠠᠰᠠᠯ ᠤᠨ ᠦᠵᠡᠬᠦᠯᠭᠡ᠂ ᠦᠡᠳᠦᠷ ᠨᠠᠰᠤᠳᠠᠨ ᠭᠠᠷᠮ᠎ᠠ ᠨᠠᠷ ᠤᠨ ︽ᠠᠮᠤᠷ ᠠᠮᠤᠭᠤᠯᠠᠩ ᠰᠠᠶᠢᠬᠠᠨ︾ ᠬᠠᠮᠳᠦ ᠶᠢᠨ ᠪᠦᠵᠢᠭ ᠬᠢᠬᠡᠤᠨ ᠵᠠᠭᠤᠨ ᠦᠰᠦᠭ ᠤᠨ ᠰᠢᠯᠥᠭ ︽ᠡᠩᠬᠡ ᠠᠮᠤᠭᠤᠯᠠᠩ ᠤᠨ ᠲᠦᠯᠬᠢᠬᠦᠷ︾᠎ ᠨᠢ ᠤᠯᠠᠨ ᠤ ᠲᠠᠭᠠᠰᠢᠶᠠᠯ ᠳᠤ ᠬᠦᠷᠴᠦ᠂  ᠯᠢᠩᠪᠦ ᠶᠢᠨ ᠭᠤᠴᠤᠯᠠᠯ  ᠂ ᠬᠤᠯᠪᠤᠭ᠎ᠠ  ᠂  ᠬᠤᠤᠰᠯᠠᠯ ᠲᠠᠭᠤᠤ  ᠵᠡᠷᠭᠡ ᠲᠣᠭᠯᠠᠯᠲᠠ ᠨᠢ ︽ᠦᠨᠳᠦᠰᠦᠲᠡᠨ ᠤ ᠪᠦᠯᠬᠦᠮᠳᠡᠯ︾ ᠪᠠ ︽ᠨᠠᠮ ᠤᠨ ᠬᠠᠶᠢᠷ᠎ᠠ ᠬᠠᠯᠠᠮᠵᠢ︾᠎ ᠶᠢ ᠪᠦᠬᠦ ᠲᠠᠯ᠎ᠠ ᠪᠠᠷ ᠬᠠᠷᠠᠭᠤᠯᠵᠤ  ᠂ ︽3·8︾ ᠎ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢᠶᠠᠨ ᠪᠠᠶᠠᠯᠢᠭ ᠠᠭᠤᠯᠭ᠎ᠠ ᠪᠠᠷ ᠤᠭᠳᠤᠨ  ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ ᠪᠠᠶᠢᠬᠤ ᠶᠢ ᠪᠡᠯᠭᠡᠳᠡᠭᠰᠡᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠨᠠᠰᠤᠲᠠᠶᠢᠴᠤᠳ ᠭᠤᠶᠢᠳᠠ ᠰᠠᠶᠢᠬᠠᠨ ᠲᠣᠭᠯᠠᠯᠲᠠ ᠪᠠᠷ ᠨᠠᠮ ᠪᠣᠯᠣᠨ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠯᠠᠭᠤᠨ ᠬᠠᠶᠢᠷ᠎ᠠ ᠪᠣᠯᠣᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠳᠡᠪᠰᠢᠭᠦᠯᠵᠦ᠂ ᠨᠠᠮ ᠳᠠᠭᠠᠨ ᠦᠨᠡᠨᠴᠢ᠂ ᠨᠠᠮ ᠢᠶᠠᠨ ᠲᠠᠭᠠᠵᠤ᠂ ᠨᠠᠮ ᠤᠨ ᠠᠴᠢ ᠶᠢ ᠬᠠᠷᠢᠭᠤᠯᠵᠤ  ᠂ ᠰᠠᠶᠢᠨ ᠰᠠᠶᠢᠬᠠᠨ ᠰᠤᠶᠤᠯ ᠤᠨ ᠠᠮᠢᠳᠤᠷᠠᠯ ᠤᠨ ᠤᠶᠤᠨ ᠰᠠᠨᠠᠭᠠᠨ ᠤ ᠬᠥᠭᠡᠭᠡᠴᠡᠯᠳᠦᠯ ᠢ ᠬᠠᠷᠠᠭᠤᠯᠵᠠᠢ᠃      ᠥᠩᠭᠡᠷᠡᠭᠰᠡᠨ ᠨᠢᠭᠡ ᠵᠢᠯ ᠳᠤ ᠠᠶᠠᠨ ᠰᠠᠶᠢᠨ ᠳᠤᠷᠠᠴᠤᠤᠯ ᠤᠨ ᠨᠡᠶᠢᠭᠡᠮᠯᠢᠭ ᠨᠢ ᠬᠤᠰᠢᠭᠤ ᠨᠠᠮ ᠤᠨ        ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠎ ᠶᠢᠨ ᠳᠦᠷᠢᠮ ᠲᠤᠭᠳᠠᠭᠠᠯ ᠶᠣᠰᠣᠭᠠᠷ ᠡᠯ᠎ᠡ ᠳᠦᠷᠦᠯ ᠤᠨ ᠠᠵᠢᠯ ᠢᠶᠠᠨ ᠡᠷᠴᠢᠮᠲᠡᠢ ᠥᠷᠨᠢᠭᠦᠯᠵᠦ᠂ ᠰᠢᠨ᠎ᠡ ᠠᠮᠵᠢᠯᠲᠠ ᠶᠢ ᠡᠭᠦᠳᠦᠭᠰᠡᠨ ᠪᠠᠶᠢᠨ᠎ᠠ᠃ ᠲᠡᠷᠢᠭᠦᠨ ᠤ ᠬᠢ ᠶᠢ ᠵᠣᠷᠢᠭᠵᠢᠭᠤᠯᠬᠤ ᠲᠤᠯᠠᠳᠠ ᠠᠵᠢᠯᠯᠠᠭ᠎ᠠ ᠳᠤᠮᠳᠠ ᠪᠠᠰᠠ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠨᠠᠮ ᠤᠨ ᠡᠭᠦᠷ ᠠᠴᠠ 2023 ᠣᠨ ᠤ ︽ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ︾᠂ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠰᠢᠯᠢᠳᠡᠭ ᠬᠢᠨᠠᠭᠴᠢ︾᠂       ︽ᠰᠢᠯᠢᠳᠡᠭ ᠬᠠᠷᠢᠭᠤᠴᠠᠯᠭᠠᠲᠠᠨ︾᠂ ︽ᠰᠢᠯᠢᠳᠡᠭ ᠨᠠᠮ ᠤᠨ ᠠᠵᠢᠯ ᠤᠨ ᠠᠵᠢᠯᠲᠠᠳ︾᠂ ︿︿ᠤᠠᠴᠠ ᠤᠷᠢᠭᠰᠠᠨ ᠵᠢᠯᠤᠭᠤᠳᠤᠭᠴᠢ ᠪᠠᠭᠰᠢ﹀﹀ ᠵᠡᠷᠭᠡ ᠨᠢᠭᠡ ᠪᠦᠯᠦᠭ ᠲᠡᠷᠢᠭᠦᠨ ᠤ ᠬᠥᠮᠥᠰ ᠢ ᠱᠠᠩᠨᠠᠨ ᠬᠥᠬᠢᠬᠦᠯᠵᠦ᠂ ᠤᠯᠠᠨ ᠢᠶᠠᠷ ᠢᠶᠠᠨ ᠲᠡᠷᠢᠭᠦᠨ ᠤ ᠬᠥᠮᠥᠰ ᠢᠶᠠᠷ ᠳᠠᠭᠤᠷᠢᠶᠠᠯ ᠪᠣᠯᠭᠠᠨ᠂ ᠥᠪᠡᠷ ᠥᠪᠡᠷ ᠤᠨ ᠠᠵᠢᠯ ᠤᠨ ᠹᠷᠤᠨᠲ ᠳᠠᠭᠡᠷ᠎ᠡ ᠪᠠᠨ ᠰᠢᠯᠢᠳᠡᠭ ᠠᠮᠵᠢᠯᠲᠠ ᠣᠯᠬᠤ ᠶᠢ ᠤᠷᠢᠶᠠᠯᠠᠨ ᠲᠠᠶᠢᠴᠢᠯᠠᠬᠤ ᠶᠢᠨ ᠬᠠᠮᠳᠦ ᠬᠤᠰᠢᠭᠤ ︿︿ᠨᠢᠬᠦᠯᠡᠰᠦᠩᠬᠦᠢ ᠶᠢᠨ ᠶᠡᠷᠦᠩᠬᠡᠢ ᠡᠪᠯᠡᠯ﹀﹀᠎ ᠳᠤ ᠬᠠᠨᠳᠢᠪ ᠡᠷᠬᠦᠭᠰᠡᠨ ᠪᠠᠶᠢᠨ᠎ᠠ  ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 280 ᠭᠠᠷᠤᠢ ᠬᠥᠮᠥᠨ ᠣᠷᠣᠯᠴᠠᠵᠠᠢ᠃ ᠡᠨᠡᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠮᠡᠭᠲᠡᠶᠢᠴᠦᠳ ᠲᠤ ᠥᠪᠡᠷ ᠢ ᠪᠠᠨ ᠬᠥᠭᠵᠢᠬᠦᠯᠬᠦ᠂ ᠪᠡᠶ᠎ᠡ ᠰᠡᠳᠬᠢᠯ ᠢᠶᠠᠨ ᠡᠷᠡᠬᠦᠯᠵᠢᠬᠦᠯᠬᠦ᠂ ᠬᠠᠷᠢᠯᠴᠠᠨ  ᠤᠶᠢᠯᠠᠭᠠᠯᠴᠠᠵᠤ᠂ ᠬᠠᠷᠢᠯᠴᠠᠨ ᠬᠠᠪᠰᠤᠷᠤᠯᠴᠠᠬᠤ ᠲᠠᠪᠴᠠᠩ ᠪᠠᠶᠢᠭᠤᠯᠤᠨ ᠥᠭᠴᠦ᠂ ᠡᠷᠡᠭᠦᠯ ᠰᠠᠷᠠᠭᠤᠯ ᠠᠮᠢᠳᠤᠷᠠᠯ ᠤᠨ ᠣᠪᠣᠷ ᠰᠤᠷᠳᠠᠯ ᠢ ᠰᠠᠨᠠᠭᠠᠴᠢᠯᠠᠨ᠂ ᠲᠡᠳᠡᠨ ᠤ ᠭᠠᠪᠢᠶ᠎ᠠ ᠵᠢᠤᠡᠬᠦᠯ ᠢᠶᠠᠨ ᠦᠷᠭᠦᠯᠵᠢᠯᠡᠨ ᠪᠠᠳᠠᠷᠠᠭᠤᠯᠵᠤ᠂  ᠢᠷᠡᠬᠦ ᠮᠠᠷᠭᠠᠰᠢ ᠶᠢᠨ ︽ᠭᠡᠷᠡᠯᠳᠦ ᠨᠠᠷᠠ︾᠎ ᠶᠢ ᠬᠠᠮᠲᠤ ᠪᠠᠷ ᠵᠢᠷᠤᠭᠯᠠᠬᠤ ᠶᠢ  ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号